ᠲᠡᠮ ᠲᠡᠮ ᠳᠡᠭᠡᠨ ᠲᠡᠭᠡᠰᠤ ᠡᠷᠴᠢᠮ ᠳᠡᠭᠡᠨ
ᠨᠡᠶᠢᠲᠡᠯᠡᠭᠰᠡᠨ ᠴᠠᠭ᠄
2021/3/3
     ᠴᠠᠭᠠᠨ ᠰᠠᠷ᠎ᠡ ᠠᠴᠠ ᠡᠮᠤᠨᠡᠭᠡᠨ᠂ ᠪᠠᠶᠠᠨᠬᠤᠸᠡ ᠪᠠᠯᠭᠠᠰᠤᠨ ᠤ ᠵᠢᠪᠬᠤᠯᠠᠩᠳᠤ ᠭᠠᠴᠠᠭᠠᠨ ᠤ ᠮᠠᠯᠴᠢᠨ ᠡᠷᠳᠡᠨᠢᠪᠠᠶᠡᠷ ᠤᠨ ᠭᠡᠷ ᠲᠤ ᠭᠠᠯ ᠤᠨ ᠠᠶᠤᠯ ᠭᠠᠷᠴᠤ᠂ ᠬᠤᠷᠤᠭ᠎ᠠ ᠬᠠᠰᠢᠶ᠎ᠡ᠂ ᠲᠡᠵᠢᠭᠡᠯ ᠪᠤᠷᠳᠤᠭ᠎ᠠ ᠨᠢ ᠪᠦᠬᠦᠨ ᠢᠶᠠᠷ ᠢᠶᠠᠨ ᠰᠢᠳᠠᠭᠳᠠᠭᠰᠠᠨ ᠪᠠᠶᠢᠳᠡᠯ ᠢ ᠮᠡᠳᠡᠭᠰᠡᠨ ᠭᠠᠴᠭᠠᠠᠨ ᠤ ᠰᠠᠶᠢᠨ ᠲᠤᠷᠡᠴᠤᠳ ᠤᠨ ᠤᠶᠢᠯᠡᠴᠢᠯᠡᠭᠡᠨ ᠤ ᠠᠩᠭᠢ ᠲᠠᠷᠤᠢ ᠲᠦᠷᠭᠡᠨ ᠠᠬᠤᠢ ᠲᠠᠯᠠᠪᠠᠢ ᠳᠤ ᠬᠦᠷᠴᠤ ᠬᠤᠷᠤᠭ᠎ᠠ ᠬᠠᠰᠢᠶ᠎ᠡ ᠶᠢ ᠨᠢ ᠴᠡᠪᠡᠷᠯᠡᠬᠦ ᠵᠡᠷᠭᠡ ᠠᠵᠢᠯ ᠢ ᠡᠷᠴᠢᠮᠳᠠᠢ ᠬᠢᠭᠰᠡᠨ ᠪᠦᠭᠡᠳ ᠭᠠᠴᠠᠭᠠᠨ ᠤ ᠨᠠᠮ ᠤᠨ ᠡᠬᠦᠷ ᠠᠴᠠ 2000 ᠵᠢᠩ ᠲᠡᠵᠢᠭᠡᠯ ᠪᠤᠷᠳᠤᠭ᠎ᠠ ᠬᠦᠷᠭᠡᠨ᠂ ᠪᠦᠬᠦ ᠨᠠᠮ ᠤᠨ ᠭᠡᠰᠢᠬᠦᠨ ᠪᠠ ᠮᠠᠯᠴᠢᠨ ᠲᠦᠮᠡᠨ ᠰᠠᠶᠢᠨ ᠲᠤᠷ᠎ᠡ ᠠᠴᠠ ᠪᠠᠨ ᠮᠦᠩᠭᠦ ᠬᠠᠨᠳᠢᠪᠯᠡᠨ᠂ ᠲᠡᠮᠵᠢᠯᠭᠡ ᠦᠵᠡᠬᠦᠯᠤᠭ᠍ᠰᠡᠨ ᠪᠠᠶᠢᠨ᠎ᠠ᠃
     ᠴᠠᠭᠠᠨ ᠰᠠᠷ᠎ᠡ ᠶᠢᠨ ᠬᠤᠭᠤᠴᠠᠭᠠᠨ ᠳᠤ᠂ ᠵᠢᠪᠬᠤᠯᠠᠩᠳᠤ ᠭᠠᠴᠠᠭᠠᠨ ᠤ ︽ᠬᠤᠶᠡᠷ ᠵᠦᠪᠯᠡᠯ︾ ᠤᠨ ᠭᠡᠰᠢᠬᠦᠳ ᠠᠴᠠ ᠡᠷᠳᠡᠨᠢᠪᠠᠶᠡᠷ ᠤᠨ ᠬᠢᠨ ᠢ ᠪᠤᠯᠭᠤᠭᠠᠨ ᠲᠤᠬᠤᠨᠢᠭᠤᠯᠵᠤ᠂ ᠪᠦᠬᠦ ᠨᠠᠮ ᠤᠨ ᠭᠡᠰᠢᠬᠦᠨ᠂ ᠮᠠᠯᠴᠢᠨ ᠲᠦᠮᠡᠨ ᠤ ᠬᠠᠨᠳᠢᠪᠯᠠᠭᠰᠠᠨ 8870 ᠲᠦᠬᠦᠷᠢᠭ ᠢ ᠬᠦᠷᠭᠡᠬᠦ ᠶᠢᠨ ᠬᠠᠮᠳᠤ ᠲᠡᠳᠡᠨ ᠢ ᠵᠤᠷᠢᠭ ᠢᠶᠠᠨ ᠴᠢᠩᠭᠠᠯᠠᠨ᠂ ᠬᠦᠴᠢᠷᠳᠡᠯ ᠢ ᠢᠯᠠᠨ ᠲᠠᠪᠠᠵᠤ᠂ ᠰᠢᠨ᠎ᠡ ᠵᠢᠯ ᠳᠤ ᠴᠤ᠋ ᠰᠢᠨ᠎ᠡ ᠲᠦᠷᠢ ᠲᠦᠷᠬᠦ ᠪᠠᠷ ᠰᠠᠶᠢᠨ ᠰᠠᠶᠢᠬᠠᠨ ᠠᠮᠢᠳᠤᠷᠡᠯ ᠢᠶᠠᠨ ᠴᠤᠭᠴᠠᠯᠠᠬᠤ ᠶᠢ ᠨᠢ ᠵᠤᠷᠢᠭᠵᠢᠭᠤᠯᠤᠭᠰᠠᠨ ᠪᠠᠶᠢᠨ᠎ᠠ᠃
     ︽ᠰᠠᠬᠠᠭᠠᠯᠳᠡ ᠠᠶᠢᠯ ᠤᠨ ᠰᠠᠨᠠᠭ᠎ᠠ ᠨᠢᠭᠡ︾ ᠭᠡᠳᠡᠭ ᠢᠶᠠᠷ ᠨᠠᠮ ᠤᠨ ᠭᠡᠰᠢᠬᠦᠨ᠂ ᠮᠠᠯᠴᠢᠨ ᠲᠦᠮᠡᠨ᠂ ᠰᠠᠶᠢᠨ ᠲᠤᠷᠡᠴᠤᠳ ᠤᠨ ᠬᠠᠯᠠᠭᠤᠨ ᠬᠠᠪᠰᠤᠷᠤᠯᠭ᠎ᠠ ᠨᠢ ︽ᠲᠠᠭᠠᠷᠠᠭᠰᠠᠨ ᠴᠠᠭ ᠲᠤ ᠲᠠᠬᠤ ᠬᠦᠷᠭᠡᠳᠡᠭ︾ ᠲᠤᠮᠳᠡᠳᠤ ᠶᠢᠨ ᠦᠨᠳᠤᠰᠤᠳᠡᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠢ ᠤᠶᠢᠯᠡᠳᠤᠯᠭᠡᠵᠢᠬᠦᠯᠤᠭ᠍ᠰᠡᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号