ᠬᠥᠮᠦᠨ ᠤ ᠣᠷᠴᠢᠯᠠᠩ ᠤᠨ ᠤᠷᠠᠨ ᠭᠠᠷ ᠤᠨ ᠨᠡᠬᠡᠮᠡᠯᠴᠢᠨ ᠠᠵᠢᠯ ᠣᠯᠭᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2021/3/30
      ᠲᠦᠷᠦᠭᠦᠬᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯ ᠣᠯᠭᠤᠯᠲᠠ ᠶᠢᠨ ᠦᠶ᠋ᠯᠡᠴᠢᠯᠡᠭᠡᠨ ᠤ ᠲᠣᠪᠴᠢᠶ᠎ᠠ ᠠᠴᠠ ᠵᠣᠬᠢᠶᠠᠨ ᠪᠠᠶᠢᠭᠤᠯᠵᠤ ᠡᠷᠭᠢᠯᠡᠭᠰᠡᠨ 2021 ᠣᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠶ᠋ᠯᠡᠳᠬᠦ︾ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠠᠩᠭᠢ  ᠲᠤᠯᠠᠭᠠᠨ ᠭᠡᠷ ᠨᠡᠶᠢᠭᠡᠮ ᠲᠣᠭᠤᠷᠢᠭ ᠲᠤ ᠶᠠᠪᠤᠭᠳᠠᠪᠠ᠂ ᠲᠣᠰ ᠤᠳᠠᠭᠠᠨ ᠤ ᠪᠣᠯᠪᠠᠰᠤᠷᠠᠯ ᠢ ᠪᠤᠭᠤᠲᠤ ᠬᠤᠲᠠ ᠶᠢᠨ ᠾᠧᠩ ᠶᠤᠸᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠪᠠᠭᠰᠢ ᠳᠤ ᠲᠤᠰᠬᠠᠶᠢᠯᠠᠨ ᠨᠠᠶᠢᠳᠠᠵᠤ ᠰᠤᠷᠤᠭᠴᠢᠳ ᠲᠤ ᠬᠢᠴᠢᠶᠡᠯ ᠣᠷᠣᠭᠤᠯᠬᠤ ᠪᠠᠶᠢᠨ᠎ᠠ᠃
      2020 ᠣᠨ᠂ ᠠᠵᠢᠯ ᠣᠯᠭᠤᠯᠲᠠ ᠶᠢᠨ ᠦᠢᠯᠡᠴᠢᠯᠡᠭᠡᠨ ᠤ  ᠲᠤᠪᠴᠢᠶ᠎ᠠ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ ᠬᠠᠮᠲᠤᠷᠠᠨ ᠡᠷᠬᠢᠯᠡᠭᠰᠡᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠢ ᠵᠢᠷᠤᠵᠤ ᠲᠥᠯᠥᠪᠯᠡᠨ ᠦᠢᠯᠡᠳᠬᠦ ᠪᠣᠯᠪᠠᠰᠤᠷᠠᠯ ᠤᠨ ᠠᠩᠬᠢ ᠳᠤ ᠣᠷᠣᠯᠴᠠᠭᠰᠠᠨ ᠰᠤᠷᠤᠭᠴᠢ ᠦ᠋ ᠲᠤᠶᠠᠭ᠎ᠠ ᠢᠩᠭᠢᠵᠦ ᠬᠡᠯᠡᠵᠡᠢ᠄ ︽ᠨᠢᠳᠤᠨᠤᠨ ᠬᠢᠵᠢᠭ ᠤᠨ ᠪᠠᠶᠢᠳᠠᠯ ᠭᠡᠨᠡᠳᠲᠡ ᠡᠭᠦᠰᠴᠦ᠂ ᠮᠢᠨᠦ ᠠᠵᠢᠯ ᠠᠮᠢᠳᠤᠷᠠᠯ ᠲᠦᠢᠯ ᠤᠨ ᠶᠡᠭᠡ ᠪᠠᠷ ᠨᠥᠯᠥᠭᠡᠯᠡᠭᠳᠡᠪᠡ᠂ ᠮᠣᠩᠭᠤᠯ ᠬᠤᠪᠴᠠᠰᠤ ᠵᠠᠰᠠᠯ ᠤᠨ ᠵᠢᠷᠤᠭ ᠲᠥᠯᠥᠪᠯᠡᠭᠡ ᠶᠢᠨ ᠪᠣᠯᠪᠠᠰᠤᠷᠠᠯ ᠢ ᠰᠣᠨᠣᠰᠤᠭᠠᠳ ᠪᠢ ᠮᠠᠰᠢ ᠰᠣᠨᠢᠷᠬᠠᠯᠲᠠᠢ ᠪᠣᠯᠤᠭᠰᠠᠨ ᠪᠥᠭᠡᠳ ᠰᠤᠯᠠ ᠰᠡᠯᠡᠭᠦᠦ ᠴᠠᠭ ᠢᠶᠠᠨ ᠠᠰᠢᠭᠯᠠᠨ ᠪᠣᠯᠪᠠᠰᠤᠷᠠᠯ ᠳᠤ ᠣᠷᠣᠯᠴᠠᠪᠠ᠂ ᠪᠣᠯᠪᠠᠰᠤᠷᠠᠯ ᠢᠶᠠᠷ ᠳᠠᠮᠵᠢᠨ ᠪᠢᠳᠡ ᠡᠯ᠎ᠡ ᠵᠦᠢᠯ ᠤᠨ ᠤᠷ᠎ᠠ ᠮᠡᠷᠭᠡᠵᠢᠯ ᠢ ᠡᠵᠡᠮᠰᠢᠵᠦ᠂ ᠪᠢᠳᠡᠨ ᠤ ᠬᠤᠶᠢᠰᠢᠳᠠ ᠶᠢᠨ ᠠᠵᠢᠯ ᠤᠯᠬᠤ ᠦᠢᠯᠡᠰ ᠪᠤᠰᠬᠠᠬᠤ ᠳᠤ ᠲᠦᠬᠦᠮ ᠦᠵᠡᠭᠦᠯᠦᠭᠰᠡᠨ ᠪᠥᠭᠡᠳ ᠦᠨᠳᠦᠰᠦᠲᠡᠨ ᠤ ᠰᠣᠶᠣᠯ ᠢ ᠤᠯᠠᠮᠵᠢᠯᠠᠨ ᠪᠠᠳᠠᠷᠠᠭᠤᠯᠵᠤ ᠴᠢᠳᠠᠭᠰᠠᠨ ᠳᠠᠭᠠᠨ ᠣᠮᠣᠭᠰᠢᠵᠤ ᠪᠠᠶᠢᠨ᠎ᠠ︾᠃ ᠬᠤᠵᠢᠮ ᠨᠢ ᠪᠢ ᠰᠣᠷᠣᠭᠰᠠᠨ ᠤᠷ᠎ᠠ ᠮᠡᠷᠭᠡᠵᠢᠯ ᠢᠶᠠᠷ ᠢᠶᠠᠨ ᠠᠮᠵᠢᠯᠲᠠ ᠲᠠᠢ ᠠᠵᠢᠯ ᠣᠯᠵᠠᠶ᠂ ᠣᠳᠣᠬᠠᠨ ᠳᠤ  ᠠᠨᠤᠵᠢᠨ ᠳᠤ ᠣᠶᠣᠳᠠᠯ ᠤᠨ ᠮᠠᠰᠢᠨ ᠤ ᠠᠵᠢᠯ ᠢ ᠬᠠᠷᠢᠭᠤᠴᠠᠵᠤ᠂ ᠭᠡᠷ ᠪᠦᠯᠢ ᠶᠢᠨ ᠬᠢᠨ ᠴᠦ ᠲᠣᠭᠲᠠᠪᠤᠷᠢᠲᠠᠶ ᠣᠷᠣᠯᠭ᠎ᠠ ᠲᠠᠢ ᠪᠣᠯᠵᠠᠶ᠃ ᠡᠨᠡ ᠵᠢᠯ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠦᠨᠳᠦᠰᠦᠲᠡᠨ ᠤ ᠭᠠᠷ ᠤᠷᠠᠯᠠᠯ ᠤᠨ ᠪᠣᠯᠪᠠᠰᠤᠷᠠᠯ ᠤᠨ ᠠᠩᠭᠢ ᠥᠷᠨᠢᠭᠦᠯᠬᠦ ᠶᠢ ᠰᠣᠨᠣᠰᠤᠭᠠᠳ ᠪᠢ ᠥᠴᠦᠬᠡᠨ ᠴᠦ ᠲᠠᠲᠠᠭᠠᠯᠵᠠᠯ ᠦᠭᠡᠶ ᠪᠠᠷ ᠣᠷᠣᠯᠴᠠᠭᠰᠠᠨ ᠶᠤᠮ᠂ ᠪᠣᠯᠪᠠᠰᠤᠷᠠᠯ ᠢᠶᠠᠷ ᠳᠡᠮᠵᠢᠨ ᠨᠡᠩ ᠶᠡᠭᠡ ᠠᠮᠵᠢᠯᠲᠠ ᠤᠯᠬᠤ ᠶᠢ ᠬᠦᠰᠡᠵᠦ ᠪᠠᠶᠢᠨ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠡᠶᠢᠮᠦ ᠰᠠᠶᠢᠨ ᠲᠥᠷᠥ ᠶᠢᠨ ᠪᠣᠳᠣᠯᠭ᠎ᠠ ᠶᠢ ᠬᠦᠷᠭᠡᠵᠦ ᠢᠷᠡᠭᠰᠡᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ  ︾ ᠭᠡᠵᠦ ᠬᠡᠯᠡᠪᠡ᠃
     ᠲᠣᠰ ᠤᠳᠠᠭᠠᠨ ᠤ ᠪᠣᠳᠠᠲᠤ ᠬᠡᠷᠡᠭᠯᠡᠭᠡᠨ ᠤ ᠪᠣᠯᠪᠠᠰᠤᠷᠠᠭᠤᠯᠤᠯ ᠤᠨ ᠠᠵᠢᠯᠯᠠᠭ᠎ᠠ ᠨᠢ ᠮᠠᠯᠴᠢᠨ ᠲᠠᠷᠢᠶᠠᠴᠢᠳ ᠲᠤ ᠨᠢᠭᠡ ᠵᠦᠶ᠋ᠯ ᠤᠨ ᠮᠡᠷᠭᠡᠵᠢᠯ ᠡᠵᠡᠮᠰᠢᠭᠦᠯᠵᠦ᠂ ᠲᠡᠳᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠲᠡᠳᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠵᠦ ᠂ ᠲᠡᠳᠡᠨ ᠢ ᠬᠠᠪᠰᠤᠷᠤᠨ ᠲᠣᠭᠲᠠᠪᠤᠷᠢᠲᠠᠶ ᠠᠵᠢᠯ ᠣᠯᠭᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号