ᠪᠤᠭᠤᠲᠤ ᠬᠤᠳᠠ ᠶᠢᠨ ᠨᠠᠮ ᠤᠨ  ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠭᠦᠨᠵᠡᠭᠡᠶᠢᠷᠡᠨ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2021/3/30
 
      3 ᠰᠠᠷ᠎ᠠ ᠶᠢᠨ 25 ᠤ ᠡᠳᠦᠷ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠳ᠋ᠢᠩ ᠵᠧᠨ ᠪᠥᠸᠧ ᠵᠢᠴᠢ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠨᠡᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠭᠦᠨᠵᠡᠭᠡᠶᠢᠷᠡᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠵᠢᠯᠣᠭᠤᠳᠬᠤ ᠶᠢᠨ ᠬᠠᠮᠲᠤ ᠰᠠᠨᠠᠯ ᠢᠶᠠᠨ ᠰᠣᠯᠢᠯᠴᠠᠵᠤ ᠶᠠᠷᠢᠯᠴᠠᠬᠤ ᠬᠤᠷᠠᠯ ᠬᠢᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ  ᠵᠠᠩ ᠪᠠᠭᠠᠨ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
      ᠪᠤᠭᠤᠲᠤ ᠬᠤᠳᠠ ᠶᠢᠨ ᠨᠠᠮ ᠤᠨ  ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶ᠎ᠡ ᠶᠢᠨ ᠲᠠᠷᠬᠠᠨ ᠮᠤᠤᠮᠢᠩᠭᠠᠨ ᠤ ᠬᠤᠪᠢᠶᠠᠷᠢ ᠺᠣᠮᠫᠠᠨᠢ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂  ᠤᠰᠤᠨ ᠰᠤᠪᠤᠷᠭᠠᠳᠦ ᠵᠡᠭᠡᠯᠢ ᠨᠡᠶᠢᠭᠡᠮ ᠲᠣᠭᠤᠷᠢᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠪᠤᠷᠢ ᠶᠢᠨ  ᠲᠤᠪᠴᠢᠶ᠎ᠠ ᠵᠡᠷᠭᠡ ᠨᠢᠭᠡᠴᠡ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃       ᠶᠠᠷᠢᠯᠴᠠᠬᠤ ᠬᠤᠷᠠᠯ ᠳᠡᠭᠡᠷ᠎ᠡ᠂ ᠵᠢᠯᠣᠭᠤᠳᠬᠤ ᠳᠤᠭᠤᠶᠢᠯᠠᠩ ᠤᠨ ᠳᠠᠷᠤᠭ᠎ᠠ ᠳ᠋ᠢᠩ ᠵᠧᠨ ᠪᠥᠸᠧ ᠲᠤᠰ ᠤᠳᠠᠭ᠎ᠠ ᠶᠢᠨ ᠲᠣᠭᠤᠷᠢᠨ ᠵᠢᠯᠣᠭᠤᠳᠬᠤ ᠠᠵᠢᠯ ᠤᠨ ᠡᠭᠦᠷᠭᠡ ᠬᠠᠷᠢᠭᠤᠴᠠᠯᠭ᠎ᠠ᠂ ᠱᠠᠭᠠᠷᠳᠠᠯᠭ᠎ᠠ ᠵᠢᠴᠢ ᠠᠴᠢ ᠬᠤᠯᠪᠣᠭᠳᠠᠯ ᠢ ᠲᠠᠨᠢᠯᠴᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠠᠬᠢᠭᠤᠯᠬᠤ ᠲᠤᠬᠠᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ ᠭᠦᠨᠵᠡᠭᠡᠢ ᠰᠣᠯᠢᠯᠴᠠᠵᠠᠢ᠃
      ᠵᠢᠯᠣᠭᠤᠳᠬᠤ ᠳᠤᠭᠤᠶᠢᠯᠠᠩ ᠤᠨ ᠬᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠢᠴᠡᠳ ᠨᠤᠲᠠᠯᠠᠵᠤ᠂ ᠶᠠᠷᠢᠶ᠎ᠠ ᠳᠤ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠮᠦᠨᠡᠬᠢ ᠬᠤᠭᠤᠴᠠᠭᠠᠨ ᠤ ᠠᠵᠢᠯ ᠯᠠᠪᠳᠠᠭᠤᠨ ᠪᠠᠲᠤᠲᠠᠢ ᠶᠠᠪᠤᠭᠳᠠᠵᠤ᠂ ᠲᠠᠶᠢᠴᠢᠯᠠᠯᠳᠠ ᠶᠢᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭᠲᠠᠢ ᠦᠢᠯᠡᠴᠢᠯᠡᠬᠦ ᠪᠠᠷ ᠪᠦᠷᠢᠨ ᠭᠦᠢᠴᠡᠳ ᠪᠣᠯᠪᠠ᠃ ᠪᠦᠬᠦ ᠬᠤᠰᠢᠭᠤᠨ ᠤ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠪᠦᠬᠦ ᠲᠠᠯ᠎ᠠ ᠪᠠᠷ ᠣᠶᠢᠯᠠᠭᠠᠵᠤ᠂ ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠰᠢᠵᠦ᠂ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ ᠦᠨᠡᠨᠬᠦ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠬᠦ᠂ ᠰᠡᠳᠬᠢᠯ ᠵᠢᠷᠦᠬᠡᠨ ᠳᠡᠭᠡᠨ ᠬᠠᠳᠠᠩᠰᠢᠬᠤ᠂ ᠪᠣᠳᠠᠲᠠᠢ ᠳᠤ ᠭᠦᠨᠵᠡᠭᠡᠶᠢᠷᠡᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠷᠬᠡᠪᠰᠢ ᠰᠤᠷᠬᠤ ᠠᠭᠤᠯᠭ᠎ᠠ ᠪᠣᠯᠤᠨ ᠠᠬᠢᠴᠠ ᠶᠢᠨ ᠲᠤᠬᠢᠷᠠᠭᠤᠯᠤᠯᠳᠠ ᠶᠢ ᠴᠢᠩᠭ᠎ᠠ ᠡᠵᠡᠮᠳᠡᠵᠦ᠂ ᠵᠥᠪ ᠤᠳᠤᠷᠢᠳᠤᠮᠵᠢ ᠶᠢ ᠡᠵᠡᠮᠳᠡᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠢ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠥᠨᠳᠥᠷ ᠶᠠᠰᠤ ᠴᠢᠨᠠᠷᠲᠠᠢ ᠪᠠᠷ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ᠃      ᠵᠠᠩ ᠪᠠᠭᠠᠨ᠎ᠠ ᠢᠯᠡᠷᠬᠡᠶᠢᠯᠡᠬᠦ ᠳᠡᠭᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠤᠰᠬᠠᠢ ᠰᠡᠳᠦᠪᠲᠦ ᠤᠨᠤᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠶᠡᠬᠡᠪᠡᠷ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠬᠤᠪᠢᠰᠬᠠᠯᠲᠤ ᠺᠢᠨᠣ᠋ ᠶᠢᠨ ᠣᠷᠳᠣᠨ︾ ᠢ ᠪᠠᠶᠢᠭᠤᠯᠵᠤ᠂ ᠰᠤᠷᠤᠯᠴᠠᠯᠭ᠎ᠠ ᠬᠥᠮᠦᠵᠢᠯ ᠢ ᠦᠨᠡᠨᠬᠦ ᠠᠳᠬᠤᠵᠤ ᠪᠣᠳᠠᠲᠠᠢ ᠠᠵᠢᠯᠯᠠᠬᠤ ᠲᠠᠢ ᠤᠶᠠᠯᠳᠤᠭᠤᠯᠵᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠠᠵᠢᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号