ᠲᠤᠬᠠᠶ ᠶᠢᠨ ᠭᠠᠵᠠᠷ ᠲᠤᠨᠢ ᠬᠦᠷᠴᠦ ᠬᠢᠨᠠᠯᠲᠠ ᠪᠠᠨ ᠭᠦᠨᠵᠡᠭᠡᠶᠢᠷᠡᠭᠦᠯᠵᠦ ᠪᠠᠲᠤᠬᠠᠭᠠᠯᠭ᠎ᠠ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/3/4
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠷᠢᠰ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠭᠰᠡᠨ ᠦᠶ᠋ᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠬᠦ ᠶᠢᠨ ᠲᠥᠯᠥᠭᠡ᠂ ᠣᠶᠢᠷ᠎ᠠ ᠳᠤ ᠪᠠᠲᠤᠬᠠᠭᠠᠯᠭ᠎ᠠ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃
     ᠲᠣᠰ ᠤᠳᠠᠭᠠᠨ ᠤ ᠬᠢᠨᠠᠨ ᠪᠠᠶᠢᠴᠠᠭᠠᠯᠲᠠ ᠨᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠱᠠᠯᠠᠪᠳᠠᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠪᠠᠯᠭᠠᠰᠤᠨ ᠤ ᠪᠠᠶᠢᠭᠤᠯᠭ᠎ᠠ ᠶᠢᠨ ᠰᠠᠯᠠᠭ᠎ᠠ ᠮᠥᠴᠢᠷ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ᠂ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠢᠩᠬᠢᠮ ᠳᠤ ᠲᠣᠰ ᠲᠣᠰ ᠬᠢᠨᠠᠨ ᠪᠠᠶᠢᠴᠠᠭᠠᠯᠲᠠ ᠬᠢᠵᠦ᠂ ᠺᠠᠳ᠋ᠷ ᠠᠵᠢᠯᠲᠠᠨ ᠤ ᠠᠵᠢᠯ ᠤᠨ ᠪᠠᠶᠢᠷᠢ ᠳᠡᠭᠡᠷᠡᠬᠢ ᠠᠵᠢᠯ ᠤᠨ ᠪᠠᠶᠢᠳᠠᠯ ᠢ ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠵᠦ᠂ ᠠᠵᠢᠯ ᠳᠤ ᠭᠠᠷᠬᠤ ᠶᠢ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ︔ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠷᠢᠳ ᠬᠤᠵᠢᠳ ᠹᠤᠩᠳᠠ ᠪᠣᠯᠣᠳ ᠲᠡᠮᠦᠷ᠂ ᠵᠥᠩᠺᠤ ᠯᠠᠨ ᠲᠢᠶᠠᠨ ᠲᠥᠪ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ᠂ ᠥᠪᠥᠷ ᠮᠣᠩᠭᠤᠯ ᠤᠨ ᠭᠤᠸᠠᠩ ᠹᠦ᠋ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠬᠠᠷᠢᠶ᠎ᠠ ᠣᠷᠣᠨ ᠤ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠶ᠋ᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠭᠦᠨᠵᠡᠭᠡᠶ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠠᠨᠠᠯ ᠰᠠᠨᠠᠭᠤᠯᠭ᠎ᠠ ᠶᠢ ᠬᠤᠷᠢᠶᠠᠪᠠ᠃
     ᠪᠠᠲᠤᠬᠠᠭᠠᠯᠭ᠎ᠠ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠷᠯᠢᠭ ᠪᠠᠶᠢᠪᠠᠴᠤ ᠬᠡᠷᠡᠭᠵᠢᠭᠦᠯᠬᠦ ᠥᠬᠡᠶ᠂ ᠴᠠᠭᠠᠵᠠᠯᠠᠵᠤ ᠪᠠᠶᠢᠲᠠᠯ᠎ᠠ ᠵᠣᠭᠰᠣᠬᠤ ᠥᠬᠡᠶ᠂ ᠠᠵᠤ ᠠᠬᠤᠶᠢᠯᠠᠯ ᠤᠨ ᠬᠥᠭᠵᠢᠯᠲᠡ ᠶᠢ ᠨᠥᠯᠥᠭᠡᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠡᠪᠳᠡᠭᠰᠡᠨ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠶ᠋ᠳᠪᠦᠷᠢᠯᠡᠵᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠪᠠᠷ ᠳᠡᠮᠵᠢᠨ ᠠᠵᠢᠯ ᠤᠨ ᠰᠤᠷᠲᠠᠯ ᠤᠨ ᠬᠤᠪᠢᠷᠠᠯᠲᠠ ᠶᠢ ᠭᠡᠳᠡᠷᠭᠦ ᠰᠢᠬᠠᠮᠳᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号