ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 144 ᠳ᠋ᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/4
     3 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ 2 ᠰᠠᠷ᠎ᠠ ᠶᠢᠨ 26 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠱᠢ ᠲᠠᠢ  ᠹᠧᠩ ᠤᠨ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠮᠤᠩ ᠹᠠᠨ ᠯᠢ ᠶᠢᠨ ᠶᠠᠷᠢᠶ᠎ᠠ ︽ᠪᠢᠳᠡ ᠪᠥᠬᠦ ᠲᠠᠯ᠎ᠠ   ᠶᠢᠨ ᠭᠦᠨ ᠳᠠᠪᠬᠤᠷᠭ᠎ᠠ ᠶᠢᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠶ᠎ᠠ︾︔ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠥᠬᠦ ᠨᠠᠮ ᠤᠨ ᠳᠣᠲᠣᠷ᠎ᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠡᠷᠡᠭᠵᠢᠭᠦᠯᠬᠦ ᠲᠥᠰᠦᠯ︾ ᠢ ᠤᠯᠠᠮᠵᠢᠯᠠᠨ ᠰᠤᠷᠤᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠥᠪ ᠤᠨ ᠨᠠᠶ᠋ᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠳᠠᠶᠢᠴᠢᠯᠠᠨ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ︽ᠲᠥᠪ ᠤᠨ ᠨᠠᠶ᠋ᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠢ ᠴᠡᠭᠴᠡᠯᠡᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠪᠤᠭᠤᠲᠤ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠶᠢᠨ ᠨᠠᠮ ᠤᠨ ᠪᠠᠶᠢᠭᠤᠯᠤᠯᠲᠠ ᠶᠢᠨ ︿ᠲᠠᠪᠤᠨ ᠬᠢᠯᠢ ᠶᠢᠨ ᠠᠵᠢᠯᠯᠠᠭ᠎ᠠ﹀ ᠶᠢ ᠭᠦᠨᠵᠡᠭᠡᠶᠢᠷᠡᠭᠦᠯᠦᠨ ᠥᠷᠭᠡᠳᠬᠡᠬᠦ ᠶᠢᠨ ᠬᠡᠷᠡᠭᠵᠢᠭᠦᠯᠬᠦ ᠲᠥᠰᠦᠯ︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠪᠢᠳᠡᠨ ᠤ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠴᠢᠬᠤᠯᠠ ᠵᠢᠷᠤᠮᠯᠠᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠥᠪ ᠠᠴᠠ ᠣᠯᠭᠤᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠥᠬᠦ ᠲᠠᠯ᠎ᠠ ᠪᠠᠷ ᠴᠢᠨᠠᠷ ᠰᠠᠶᠢᠲᠠᠶ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠢᠳᠡᠪᠬᠢᠲᠡᠶ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠤᠯᠤᠰ ᠲᠦᠷᠦ ᠶᠢᠨ ᠳᠠᠪᠠᠭᠤᠯᠢᠭ ᠢ ᠪᠠᠳᠠᠷᠠᠭᠤᠯᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠲᠥᠪ ᠭᠤᠣᠯᠴᠢ ᠶᠢ ᠠᠬᠢᠭᠤᠯᠬᠤ ᠪᠠᠷ ᠨᠡᠶᠢᠭᠡᠮ ᠤᠨ ᠪᠠᠲᠤᠯᠠᠭ᠎ᠠ ᠶᠢᠨ ᠦᠢᠯᠡᠰ ᠢ ᠬᠥᠭᠵᠢᠭᠦᠯᠬᠦ ᠶᠢᠨ ᠦᠨᠳᠦᠰᠦᠨ ᠡᠭᠦᠰᠦᠯᠲᠡ ᠪᠠ ᠦᠷ᠎ᠡ ᠳ᠋ᠦᠩ ᠪᠣᠯᠭᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ︔ ᠳᠦᠷᠢᠮ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠦᠬᠦᠨ ᠢ ᠬᠠᠮᠤᠷᠬᠤ᠂ ᠦᠨᠳᠦᠰᠦᠨ  ᠵᠦᠢᠯ ᠢ ᠪᠠᠲᠤᠯᠠᠬᠤ᠂ ᠣᠯᠠᠨ ᠳᠡᠰ ᠳᠠᠪᠬᠤᠷᠭ᠎ᠠ᠂ ᠦᠷᠭᠦᠯᠵᠢᠯᠡᠬᠦ ᠵᠡᠷᠭᠡ ᠬᠠᠷᠠᠯᠲᠠ ᠶᠢᠨ ᠲᠣᠭᠤᠷᠢᠨ ᠳᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ︔ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠨ᠂ ᠥᠭᠡᠷᠡᠴᠢᠯᠡᠯᠲᠡ ᠶᠢᠨ ᠠᠷᠭ᠎ᠠ ᠪᠣᠯᠤᠨ ᠰᠢᠨ᠎ᠡ ᠶᠢ ᠡᠭᠦᠳᠬᠦ ᠰᠡᠳᠬᠢᠬᠦᠶ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠶ᠋ᠳᠪᠦᠷᠢᠯᠡᠵᠦ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠨ᠂ ᠨᠡᠶᠢᠭᠡᠮ ᠤᠨ ᠪᠠᠲᠤᠯᠠᠭ᠎ᠠ ᠶᠢᠨ  ᠦᠢᠯᠡᠰ ᠤᠨ ᠲᠠᠰᠤᠷᠠᠯᠲᠠ ᠤᠢᠭᠡᠢ ᠤᠷᠤᠭᠰᠢᠯᠠᠬᠤ ᠶᠢ ᠲᠦᠯᠬᠢᠨ ᠠᠬᠢᠭᠤᠯᠤᠨ᠎ᠠ︔ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠢᠳᠠᠯ ᠢᠶᠠᠷ ᠢᠶᠠᠨ ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ ᠨᠡᠶᠢᠭᠡᠮ ᠤᠨ ᠪᠠᠲᠤᠯᠠᠭ᠎ᠠ ᠶᠢᠨ ᠬᠢᠷᠢ  ᠬᠡᠮᠵᠢᠶ᠎ᠡ ᠶᠢ ᠳᠡᠭᠡᠭᠰᠢᠯᠡᠭᠦᠯᠬᠦ ᠶᠢ ᠠᠵᠤ ᠠᠬᠤᠢ ᠪᠠ ᠡᠳ᠋ ᠤᠨ ᠬᠦᠴᠦᠨ ᠤ ᠦᠷᠭᠦᠯᠵᠢᠯᠡᠬᠦ ᠨᠡᠮᠡᠭᠳᠡᠯ ᠤᠨ ᠰᠠᠭᠤᠷᠢᠨ ᠳᠡᠭᠡᠷ᠎ᠡ ᠪᠠᠶᠢᠭᠤᠯᠵᠤ᠂ ᠪᠣᠳᠠᠲᠤ ᠪᠠᠶᠢᠳᠠᠯ ᠠᠴᠠ ᠰᠠᠯᠬᠤ ᠦᠭᠡᠢ᠂ ᠱᠠᠳᠤ ᠦᠶ᠎ᠡ ᠠᠴᠠ ᠳᠠᠪᠠᠭ᠋ᠤ ᠦᠭᠡᠢ ᠪᠠᠶᠢᠬᠤ ᠬᠡᠷᠡᠭᠲᠡᠢ᠃ ᠡᠳᠡᠭᠡᠷ ᠠᠮᠵᠢᠯᠲᠠ ᠲᠠᠢ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠲᠠᠰᠤᠷᠠᠯᠳᠠ ᠦᠭᠡᠢ ᠳ᠋ᠦᠩᠨᠡᠵᠦ᠂ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ᠃
     ᠬᠤᠷᠠᠯ ᠠᠴᠠ᠂ ᠬᠢᠯᠢ ᠬᠢᠵᠠᠭᠠᠷ ᠤᠨ ᠨᠠᠮ ᠤᠨ ᠪᠠᠶᠢᠭᠤᠯᠤᠯᠲᠠ ᠶᠢᠨ ︽ᠲᠠᠪᠤᠨ ᠬᠢᠯᠢ ᠶᠢᠨ ᠣᠷᠣᠨ ᠤ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠥᠷᠭᠡᠳᠬᠡᠬᠦ ᠪᠣᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠤᠷᠠᠳᠤᠭᠰᠠᠨ ᠠᠵᠢᠯ ᠤᠨ ᠰᠡᠳᠬᠢᠴᠡ ᠮᠥᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠬᠤ ᠶᠢᠨ ᠪᠣᠳᠠᠲᠤ ᠬᠡᠷᠡᠭᠴᠡᠭᠡ ᠮᠥᠨ᠂ ᠴᠢᠬᠤᠯᠠ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠥᠬᠦ ᠲᠠᠯ᠎ᠠ ᠪᠠᠷ ᠳᠡᠪᠰᠢᠵᠦ ᠪᠥᠬᠦ ᠲᠠᠯ᠎ᠠ ᠪᠠᠷ ᠬᠠᠲᠠᠭᠤᠵᠢᠬᠤ ᠶᠢ ᠦᠷᠭᠦᠯᠵᠢᠯᠡᠨ ᠬᠦᠴᠦᠲᠡᠶ ᠠᠬᠢᠭᠤᠯᠬᠤ ᠨᠢ ᠯᠠᠪᠲᠠᠶ ᠶᠤᠮ᠃      ᠬᠤᠷᠠᠯ ᠠᠴᠠ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠲᠡᠷᠢᠭᠦᠨ ᠪᠠᠶᠢᠷᠢᠨ ᠳᠤ ᠲᠠᠯᠪᠢᠵᠤ᠂ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭᠠᠨ ᠤ ᠠᠰᠠᠭᠤᠳᠠᠯ ᠢ ᠰᠢᠢᠳᠪᠦᠷᠢᠯᠡᠵᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠪᠣᠳᠠᠲᠠᠢ ᠳᠤ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ︔ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ︽ᠵᠣᠬᠢᠶᠠᠨ ᠪᠠᠶᠢᠭᠤᠯᠤᠯᠲᠠ ᠶᠢᠨ ᠬᠢᠯᠢ ᠬᠢᠵᠠᠭᠠᠷ ᠢᠶᠠᠨ ᠪᠠᠬᠢᠵᠢᠭᠦᠯᠬᠦ︾ ᠶᠢ ᠠᠬᠢᠭᠤᠯᠤᠨ᠎ᠠ︔ ︽ᠣᠯᠠᠨ ᠴᠡᠭ ᠢᠶᠠᠷ ᠲᠤᠯᠭᠠᠭᠤᠷᠢᠯᠠᠬᠤ︾ ᠵᠢᠱᠢᠶ᠎ᠡ ᠦᠵᠡᠭᠦᠯᠬᠦ ᠴᠡᠭ ᠤᠨ ᠰᠦᠷᠦᠭᠵᠢᠯ ᠢ ᠪᠣᠶ ᠪᠣᠯᠭᠠᠵᠤ᠂ ᠨᠠᠮᠴᠢ ᠴᠢᠨᠠᠷ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠪᠡᠶᠡᠴᠢᠯᠡᠨ ᠣᠶᠢᠯᠠᠭᠠᠬᠤ ᠬᠥᠮᠦᠵᠢᠯ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠵᠡᠷᠭᠡ ᠶᠢ ᠠᠭᠤᠰᠤᠯᠴᠠᠭᠤᠯᠤᠨ ᠬᠥᠭᠵᠢᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠬᠢᠵᠠᠭᠠᠷ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠦᠨᠳᠦᠰᠦᠲᠡᠨ ᠤ ᠣᠨᠴᠠᠯᠢᠭ ᠢ ᠠᠭᠤᠰᠤᠯᠴᠠᠭᠤᠯᠵᠤ᠂ ᠤᠮᠠᠷᠠᠲᠤ ᠬᠢᠯᠢ ᠶᠢᠨ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠰᠢᠨ᠎ᠡ ᠠᠷᠭ᠎ᠠ ᠵᠠᠮ ᠢ ᠢᠳᠡᠪᠬᠢᠲᠡᠶ ᠰᠦᠪᠡᠭᠴᠢᠯᠡᠨ᠎ᠡ᠃      ᠬᠤᠷᠠᠯ ᠠᠴᠠ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠬᠦ ᠬᠠᠤᠯᠢ ᠪᠤᠰᠤ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠳᠠᠲᠠᠢ ᠠᠷᠭ᠎ᠠ  ᠬᠡᠮᠵᠢᠶ᠎ᠡ ᠮᠥᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠣᠳᠠᠲᠤ ᠠᠵᠢᠯᠯᠠᠭ᠎ᠠ ᠮᠥᠨ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠬᠦ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠬᠦ ᠲᠤᠯᠭᠠᠮ ᠬᠡᠷᠡᠭᠴᠡᠭᠡ ᠮᠥᠨ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠬᠢᠨᠠᠨ ᠪᠠᠶᠢᠴᠠᠭᠠᠵᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠬᠠᠤᠯᠢ ᠲᠣᠭᠲᠠᠭᠠᠯ ᠠᠴᠠ ᠵᠥᠷᠢᠴᠡᠨ ᠬᠠᠤᠯᠢ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠡᠵᠢᠭᠯᠡᠯᠲᠡᠶ ᠠᠰᠠᠭᠤᠳᠠᠯ ᠢ ᠬᠠᠷᠭᠤᠭᠤᠯᠤᠨ ᠳᠣᠲᠣᠯᠠᠬᠤ ᠬᠡᠷᠡᠭᠲᠡᠶ᠃ ᠨᠢᠭᠡᠨᠲᠡ ᠪᠠᠶᠢᠴᠠᠭᠠᠨ  ᠰᠢᠢᠳᠪᠦᠷᠢᠯᠡᠭᠰᠡᠨ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠡᠷᠡᠭ ᠤᠨ ᠰᠢᠳᠬᠡᠯ ᠲᠣᠷᠭᠠᠭᠤᠯᠢ ᠨᠢ ᠵᠣᠬᠢᠰ ᠥᠬᠡᠶ᠂ ᠪᠠᠷᠢᠮᠵᠢᠶ᠎ᠠ ᠶᠢ ᠪᠠᠭᠤᠷᠠᠭᠤᠯᠤᠨ  ᠰᠢᠢᠳᠪᠦᠷᠢᠯᠡᠬᠦ᠂ ᠲᠣᠷᠭᠠᠭᠤᠯᠢ ᠪᠠᠷ ᠡᠷᠡᠭᠦᠤ  ᠰᠢᠢᠳᠭᠡᠯ ᠢ ᠣᠷᠣᠯᠠᠭᠤᠯᠬᠤ ᠵᠡᠷᠭᠡ ᠠᠰᠠᠭᠤᠳᠠᠯ ᠢ ᠬᠢᠨᠠᠮᠠᠭᠠᠶ ᠳᠠᠬᠢᠨ ᠬᠢᠨᠠᠵᠤ᠂ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠤᠨ᠂ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠵᠡᠯᠡᠨ ᠬᠡᠷᠡᠭᠯᠡᠭᠰᠡᠨ ᠪᠣᠶ ᠪᠥᠬᠦᠶ ᠠᠰᠠᠭᠤᠳᠠᠯ ᠢ ᠲᠦᠢᠯᠪᠤᠷᠢᠲᠠᠶ ᠪᠠᠶᠢᠴᠠᠭᠠᠨ ᠳᠣᠲᠣᠯᠠᠵᠤ ᠪᠠᠶᠢᠴᠠᠭᠠᠨ ᠳᠣᠲᠣᠯᠠᠨ᠎ᠠ︔ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠠᠰ ᠳᠡᠪᠰᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠠᠬᠢ ᠪᠣᠳᠠᠲᠤ ᠴᠣᠭᠴᠠ ᠶᠢᠨ ᠳᠤᠲᠠᠭᠳᠠᠯ᠂ ᠲᠠᠰ ᠳᠠᠷᠠᠭᠠᠯᠠᠯ ᠤᠨ ᠳᠤᠲᠠᠭᠳᠠᠯ᠂ ᠬᠡᠷᠡᠭᠵᠢᠭᠦᠯᠦᠯᠲᠡ ᠶᠢᠨ ᠳᠤᠲᠠᠭᠤᠳᠠᠯ ᠢ ᠪᠥᠬᠦ ᠲᠠᠯ᠎ᠠ ᠪᠠᠷ ᠡᠮᠬᠢᠯᠡᠵᠦ᠂ ᠲᠦᠷᠢᠮ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠨᠥᠬᠦᠪᠥᠷᠢᠯᠡᠬᠦ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号