ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠪᠠᠰᠤᠨ ᠬᠤᠲᠠ ᠶᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠵᠢᠴᠢ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ  ᠦᠢᠯᠡᠴᠢᠯᠡᠭᠡᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/4
     3 ᠳ᠋ᠤᠭᠠᠷ ᠰᠠᠷ᠎ᠠ ᠶᠢᠨ 2 ᠤᠨ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠯᠪᠠᠰᠤᠨ ᠬᠤᠲᠠ ᠶᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠵᠢᠴᠢ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ  ᠦᠢᠯᠡᠴᠢᠯᠡᠭᠡᠨ ᠤ ᠲᠣᠬᠢᠷᠠᠭᠤᠯᠤᠯᠲᠠ ᠶᠢᠨ ᠬᠤᠷᠠᠯ ᠬᠤᠷᠠᠯ ᠤᠨ ᠶᠠᠪᠤᠳᠠᠯ ᠤᠨ ᠲᠥᠪ ᠲᠤ ᠬᠤᠷᠠᠯᠳᠤᠪᠠ᠃
     ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ ᠬᠤᠤ ᠮᠤᠤ ᠱᠧᠩ ᠬᠤᠷᠠᠯ ᠢ ᠡᠷᠭᠢᠯᠡᠪᠡ᠃ᠬᠤᠰᠢᠭᠤᠨ ᠤ ᠤᠳᠤᠷᠢᠳᠤᠯᠭ᠎ᠠ ᠵᠠᠩ ᠪᠠᠭᠠᠨ᠎ᠠ᠂ ᠬᠤᠸᠠᠩ ᠯᠦᠩ᠂ ᠵᠤᠤ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠤᠬᠠᠭᠤᠯᠬᠤ ᠭᠡᠰᠢᠭᠦᠨ᠂ ᠪᠠᠲᠤᠬᠠᠭᠠᠯᠭ᠎ᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠱᠦᠵᠢ᠂ ᠡᠷᠬᠢᠯᠡᠭᠴᠢ᠂ ᠡᠯ᠎ᠡ ᠳᠠᠭᠠᠭᠠᠴᠢᠯᠠᠨ ᠬᠠᠷᠢᠯᠴᠠᠬᠤ ᠨᠢᠭᠡᠴᠡ ᠶᠢᠨ ᠬᠠᠷᠢᠭᠤᠴᠠᠯᠭᠠᠲᠠᠨ᠂ ᠰᠠᠶᠢᠨ ᠳᠤᠷ᠎ᠠ ᠶᠢᠨ  ᠦᠢᠯᠡᠴᠢᠯᠡᠭᠡᠨ ᠤ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠠᠴᠠ ᠳᠤᠷᠠᠳᠤᠭᠰᠠᠨ ᠨᠢ᠂ ᠪᠦᠬᠦ ᠬᠤᠰᠢᠭᠤᠨ ᠤ ᠪᠣᠯᠪᠠᠰᠤᠨ ᠬᠤᠲᠠ ᠶᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠵᠢᠴᠢ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ  ᠦᠢᠯᠡᠴᠢᠯᠡᠭᠡᠨ ᠤ ᠲᠣᠬᠢᠷᠠᠭᠤᠯᠤᠯᠲᠠ ᠶᠢᠨ ᠬᠤᠷᠠᠯ ᠬᠢᠪᠡ᠂ ᠲᠡᠭᠦᠨ ᠤ ᠭᠤᠤᠯ ᠡᠭᠦᠷᠭᠡ ᠪᠣᠯ ᠱᠦᠵᠢ ᠮᠧᠩ ᠹᠠᠨ ᠯᠢ ᠶᠢᠨ ᠪᠥᠬᠦ ᠤᠯᠤᠰ ᠤᠨ ᠪᠣᠯᠪᠠᠰᠤᠨ ᠬᠤᠲᠠ ᠶᠢᠨ ᠢᠷᠠᠭᠤ ᠠᠯᠳᠠᠷ ᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠪᠤᠭᠤᠲᠤ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠠᠭᠤᠯᠭᠠᠭᠰᠠᠨ ᠠᠯᠢ ᠣᠯᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠳᠠᠬᠢᠨ ᠳᠠᠶᠢᠴᠢᠯᠠᠵᠤ ᠳᠠᠬᠢᠨ ᠪᠠᠶᠢᠷᠢᠯᠠᠭᠤᠯᠪᠠ᠂ ᠦᠷ᠎ᠡ ᠶᠢᠨ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠭᠠᠵᠠᠷ ᠤᠨ ᠠᠵᠢᠯ ᠳᠤ ᠳᠠᠬᠢᠨ ᠪᠠᠶᠢᠷᠢᠯᠠᠭᠤᠯᠤᠯᠲᠠ ᠬᠢᠪᠡ᠂ ᠯᠧᠶ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠳᠤ
ᠪᠠᠶᠢᠷᠢᠯᠠᠭᠤᠯᠤᠯᠲᠠ ᠬᠢᠵᠡᠶ᠃
     ᠬᠤᠷᠠᠯ ᠠᠴᠠ᠂ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ ᠪᠣᠯᠤᠨ ᠨᠡᠶᠢᠭᠡᠮ ᠤᠨ ᠪᠣᠯᠪᠠᠰᠤᠨ ᠤ  ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠵᠦ᠂ ᠠᠮᠤᠷ ᠲᠦᠪᠰᠢᠨ ᠡᠶ᠎ᠡ ᠵᠣᠬᠢᠴᠠᠩᠭᠤᠢ ᠠᠮᠢᠳᠤᠷᠠᠯ ᠤᠨ ᠣᠷᠴᠢᠨ ᠲᠣᠭᠤᠷᠢᠨ ᠪᠣᠯᠤᠨ ᠰᠠᠶᠢᠨ ᠰᠠᠶᠢᠬᠠᠨ ᠤᠯᠠᠨ ᠨᠡᠶᠢᠲᠡ ᠶᠢᠨ ᠡᠮᠬᠢ ᠳᠢᠭᠯᠢᠮ ᠢ ᠪᠤᠢ ᠪᠣᠯᠭᠠᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠪᠣᠯᠪᠠᠰᠤᠨ ᠪᠤᠰᠤ ᠪᠠᠷ ᠨᠣᠬᠠᠢ ᠲᠡᠵᠢᠭᠡᠬᠦ ᠪᠠ ᠬᠠᠤᠯᠢ ᠠᠴᠠ ᠵᠥᠷᠢᠴᠡᠭᠰᠡᠨ ︽ᠪᠠᠭ᠎ᠠ ᠵᠠᠷ ︾ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ ᠲᠥᠯᠥᠭᠡ᠂ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ︔ ᠡᠭᠦᠷᠭᠡ ᠪᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠶ︔ ᠮᠡᠳᠡᠭᠡ ᠵᠠᠩᠭᠢ ᠮᠡᠳᠡᠭᠦᠯᠦᠨ ᠬᠦᠷᠭᠡᠵᠦ ᠪᠦᠷᠢᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ︔ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠳᠠᠯᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠭᠠᠪᠢᠶ᠎ᠠ ᠵᠢᠳᠬᠦᠯ ᠦᠵᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号