ᠰᠡᠳᠬᠢᠯ ᠵᠢᠷᠦᠬᠡ ᠪᠠᠨ ᠬᠥᠭᠵᠢᠯᠲᠡ ᠶᠢᠨ ᠶᠡᠭᠡ ᠪᠤᠳᠤᠯᠭ᠎ᠠ ᠲᠠᠢ ᠬᠤᠯᠪᠣᠵᠤ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠡᠪᠦᠷᠯᠡᠨ᠎ᠡ᠃ 3 ᠰᠠᠷ᠎ᠠ ᠶᠢᠨ 5 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠶ᠎ᠠ ᠶᠢᠨ | ᠳᠥᠷᠪᠡᠳᠦᠭᠡᠷ ᠬᠤᠷᠠᠯ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠦᠬᠦ ᠬᠤᠰᠢᠭᠤᠨ ᠤ | ᠠᠷᠠᠳ ᠲᠦᠮᠡᠨ ᠤ ᠨᠠᠶᠢᠳᠠᠯᠭ᠎ᠠ ᠶᠢ ᠡᠭᠦᠷᠭᠡᠯᠡᠵᠦ᠂ ᠨᠠᠷᠢᠨ ᠨᠢᠮᠪᠠᠢ ᠪᠡᠯᠡᠳᠬᠡᠭᠰᠡᠨ ᠰᠠᠨᠠᠯ ᠳᠤᠷᠠᠳᠤᠯᠭ᠎ᠠ ᠶᠢ ᠡᠯ᠎ᠡ | ᠭᠠᠵᠠᠷ ᠠᠴᠠ ᠬᠦᠷᠦᠯᠴᠡᠨ ᠢᠷᠡᠵᠦ᠂ ᠶᠡᠭᠡ ᠬᠤᠷᠠᠯ ᠤᠨ ᠬᠤᠷᠠᠯ ᠤᠨ ᠶᠠᠪᠤᠳᠠᠯ ᠤᠨ ᠳᠤᠭᠤᠶᠢᠯᠠᠩ ᠳᠤ ᠵᠠᠯᠭᠠᠭ᠎ᠠ ᠪᠠᠷ | ᠨᠡᠷ᠎ᠡ ᠮᠡᠳᠡᠭᠦᠯᠪᠡ᠃ | ᠨᠡᠷ᠎ᠡ ᠮᠡᠳᠡᠭᠦᠯᠬᠦ ᠲᠢᠩᠬᠢᠮ ᠳᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠴᠥᠮ ᠴᠤᠭ ᠵᠢᠪᠬᠤᠭ᠎ᠠ | ᠲᠡᠭᠦᠯᠳᠡᠷ ᠪᠠᠶᠢᠵᠤ᠂ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠡᠮᠬᠢ ᠵᠢᠷᠤᠮ ᠲᠠᠢ ᠪᠠᠷ ᠪᠡᠶ᠎ᠡ ᠶᠢᠨ ᠳᠤᠯᠠᠭᠠᠨ ᠤ | ᠬᠡᠮᠵᠢᠯᠲᠡ ᠬᠢᠵᠦ᠂ ᠡᠷᠡᠭᠦᠯ ᠮᠡᠨᠳᠦ ᠶᠢᠨ ᠬᠤᠶᠠᠷ ᠬᠡᠮᠵᠢᠯᠳᠦ ᠲᠡᠮᠳᠡᠭ ᠢ ᠭᠠᠷᠭᠠᠨ ᠦᠵᠡᠭᠦᠯᠵᠦ᠂ ᠭᠠᠷ ᠤᠨ ᠥᠰᠥᠭ | ᠵᠢᠷᠤᠵᠤ ᠳᠡᠩᠰᠡᠯᠡᠨ ᠲᠡᠮᠳᠡᠭᠯᠡᠵᠦ᠂ ᠬᠤᠷᠠᠯ ᠤᠨ ᠮᠠᠲ᠋ᠧᠷᠢᠶᠠᠯ ᠢ ᠠᠪᠴᠤ ᠪᠠᠶᠢᠨ᠎ᠠ᠃ | | | | | | | | | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠭᠡᠰᠢᠭᠦᠳ ᠨᠢᠭᠡᠨᠲᠡ ᠰᠠᠨᠠᠯ ᠳᠤᠷᠠᠳᠤᠯᠭ᠎ᠠ ᠶᠢ ᠨᠠᠷᠢᠨ ᠨᠢᠮᠪᠠᠶ | ᠪᠡᠯᠡᠳᠬᠡᠵᠡᠶ᠂ ᠠᠭᠤᠯᠭ᠎ᠠ ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠂ ᠰᠣᠶᠣᠯ ᠤᠨ ᠵᠢᠭᠤᠯᠴᠢᠯᠠᠯ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠷᠠᠳ | ᠣᠯᠠᠨ ᠤ ᠦᠶ᠋ᠯᠡᠳᠪᠦᠷᠢᠯᠡᠯ ᠠᠮᠢᠳᠤᠷᠠᠯ ᠪᠠ ᠨᠡᠶᠢᠭᠡᠮ ᠤᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠡᠯ᠎ᠡ | ᠬᠦᠷᠢᠶᠡᠨ ᠳᠤ ᠬᠤᠯᠪᠣᠭᠳᠠᠨ᠎ᠠ᠃ | | | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠸᠠᠩ ᠹᠦ᠋ ᠯᠢ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠸᠠᠩ ᠹᠦ᠋ ᠯᠢ᠄ ︽ᠮᠢᠨᠦ ᠰᠠᠨᠠᠯ ᠳᠤᠷᠠᠳᠤᠯᠭ᠎ᠠ ᠪᠣᠯ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠷᠴᠢᠮ ᠢ ᠴᠢᠩᠭᠠᠷᠠᠭᠤᠯᠵᠤ᠂ ᠲᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠮᠢᠵᠢᠷᠠᠯ ᠤᠨ | ᠬᠦᠴᠦᠨ ᠢ ᠨᠡᠮᠡᠭᠳᠡᠭᠦᠯᠦᠨ᠎ᠡ᠃ | ᠣᠳᠣᠬᠠᠨ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠳᠤ ᠨᠡᠯᠢᠶᠡᠳ ᠶᠡᠭᠡ ᠬᠤᠪᠢ ᠶᠢᠨ ᠵᠢᠩ ᠢ ᠡᠵᠡᠯᠡᠵᠦ᠂ ᠠᠵᠢᠯ ᠣᠯᠭᠤᠯᠲᠠ ᠶᠢ ᠰᠢᠩᠭᠡᠭᠡᠨ ᠠᠪᠬᠤ᠂ | ᠭᠠᠶᠢᠯᠢ ᠲᠠᠲᠠᠪᠤᠷᠢ ᠶᠢ ᠡᠭᠦᠳᠬᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ | ᠬᠠᠷᠢᠭᠤᠴᠠᠯᠭ᠎ᠠ ᠶᠢ ᠡᠭᠦᠷᠭᠡᠯᠡᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠬᠤᠰᠢᠭᠤᠨ | ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠤᠨ ᠬᠦᠴᠢᠷ | ᠵᠣᠪᠠᠯᠠᠩ ᠢ ᠰᠢᠶ᠋ᠳᠪᠦᠷᠢᠯᠡᠬᠦ᠂ ᠪᠠᠯᠠ ᠮᠥᠩᠭᠦ ᠶᠢ ᠡᠭᠡᠭᠦᠯᠦᠨ ᠬᠤᠷᠢᠶᠠᠬᠤ᠂ ᠭᠠᠶᠢᠯᠢ ᠶᠢ ᠬᠥᠩᠭᠡᠯᠡᠵᠦ ᠰᠦᠶ᠋ᠳᠬᠡᠯ ᠢ | ᠪᠠᠭᠤᠷᠠᠭᠤᠯᠬᠤ ᠵᠡᠷᠭᠡ ᠲᠠᠯ᠎ᠠ ᠪᠠᠷ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠦᠵᠡᠭᠦᠯᠵᠦ᠂ ᠪᠢᠳᠡᠨ ᠤ ᠠᠵᠢᠯ | ᠲᠥᠷᠥᠯ ᠳᠡᠭᠡᠨ ᠪᠠᠲᠤ ᠰᠠᠭᠤᠷᠢᠯᠠᠬᠤ᠂ ᠯᠠᠪᠳᠠᠭᠤᠨ ᠪᠠᠲᠤᠲᠠᠶ ᠪᠠᠷ ᠬᠥᠭᠵᠢᠨ ᠪᠠᠳᠠᠷᠠᠬᠤ᠂ ᠨᠡᠶᠢᠭᠡᠮ ᠳᠤ ᠬᠤᠪᠢ | ᠨᠡᠮᠡᠷᠢ ᠦᠵᠡᠭᠦᠯᠬᠦ ᠳᠤ ᠪᠠᠲᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ︾ ᠭᠡᠵᠡᠶ᠃ | | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠦ᠋ ᠴᠢᠶᠦ᠋ᠩ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠦ᠋ ᠴᠢᠶᠦ᠋ᠩ᠄ ︽ᠮᠢᠨᠦ ᠰᠠᠨᠠᠯ ᠳᠤᠷᠠᠳᠤᠯᠭ᠎ᠠ ᠪᠣᠯ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠡᠯᠪᠡᠭ ᠪᠠᠶᠠᠯᠢᠭ ᠰᠣᠶᠣᠯ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠵᠦ | ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ | ᠲᠦᠷᠭᠡᠳᠬᠡᠬᠦ ᠶᠠᠪᠤᠳᠠᠯ ᠪᠣᠯᠤᠨ᠎ᠠ᠃ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ | ᠰᠣᠶᠣᠯ ᠤᠨ ᠪᠠᠶᠢᠭᠤᠯᠤᠯᠲᠠ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠠᠬᠢ ᠰᠣᠶᠣᠯ ᠤᠨ ᠪᠠᠶᠢᠭᠤᠯᠤᠯᠲᠠ ᠶᠢᠨ ᠬᠠᠷᠠᠯᠲᠠ ᠱᠠᠭᠠᠷᠳᠠᠯᠭ᠎ᠠ ᠶᠢ ᠲᠣᠳᠣᠷᠬᠠᠶᠢᠯᠠᠵᠤ᠂ | 2035 ᠣᠨ ᠪᠣᠯᠬᠤ ᠳᠤ ᠰᠣᠶᠣᠯ ᠤᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠬᠤ ᠠᠯᠤᠰ ᠤᠨ | ᠬᠠᠷᠠᠯᠲᠠ ᠶᠢ ᠳᠤᠷᠠᠳᠴᠠᠢ᠂ ᠳᠠᠷᠬᠠᠨ ᠮᠤᠤᠮᠢᠩᠭᠠᠨ ᠬᠤᠰᠢᠭᠤ ᠨᠢ ᠨᠢᠭᠡᠨ ᠥᠨᠢ ᠤᠳᠠᠭᠠᠨ ᠰᠣᠶᠣᠯ ᠤᠨ ᠠᠬᠤᠢ | ᠪᠠᠶᠢᠳᠠᠯ ᠲᠠᠢ ᠬᠤᠰᠢᠭᠤ ᠰᠢᠶᠠᠨ ᠪᠣᠯᠤᠭᠰᠠᠨ ᠤ ᠬᠤᠪᠢ ᠳᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ | ᠰᠣᠶᠣᠯ ᠵᠤᠭᠠᠴᠠᠯ ᠤᠨ ᠠᠵᠤ ᠦᠢᠯᠡᠰ ᠢ ᠲᠦᠷᠭᠡᠨ ᠬᠥᠭᠵᠢᠭᠦᠯᠬᠦ ᠬᠡᠷᠡᠭᠲᠡᠢ᠃ ᠡᠶᠢᠮᠦ ᠠᠴᠠ᠂ ᠰᠠᠨᠠᠯ | ᠳᠤᠷᠠᠳᠤᠯᠭ᠎ᠠ ᠳᠤ᠂ ᠪᠢ ᠬᠤᠪᠢ ᠬᠥᠮᠦᠨ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠢ ᠬᠥᠭᠵᠢᠭᠦᠯᠬᠦ᠂ | ᠲᠠᠯ᠎ᠠ ᠨᠤᠲᠤᠭ ᠤᠨ ᠵᠤᠭᠠᠴᠠᠯ ᠤᠨ ᠵᠠᠭᠪᠤᠷ ᠤᠨ ᠰᠢᠨ᠎ᠡ ᠶᠢ ᠡᠭᠦᠳᠬᠦ ᠪᠠ ᠲᠦᠷᠢᠮ ᠤᠨ ᠪᠠᠶᠢᠭᠤᠯᠤᠯᠲᠠ ᠶᠢ | ᠴᠢᠩᠭᠠᠳᠬᠠᠬᠤ ᠵᠡᠷᠭᠡ ᠭᠤᠷᠪᠠᠨ ᠲᠠᠯ᠎ᠠ ᠪᠠᠷ ᠰᠠᠨᠠᠭᠤᠯᠭ᠎ᠠ ᠳᠤᠷᠠᠳᠪᠠ︾ ᠭᠡᠵᠦ ᠬᠡᠯᠡᠪᠡ᠃ | | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠯᠢᠦ ᠶᠠᠨ ᠴᠦᠨ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠯᠢᠦ ᠶᠠᠨ ᠴᠦᠨ ᠬᠡᠯᠡᠬᠦ ᠳᠡᠭᠡᠨ᠄ ︽ᠪᠢ ᠪᠣᠯ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠮᠥᠨ᠂ ᠤᠯᠤᠰ | ᠲᠥᠷᠥ ᠶᠢᠨ ᠵᠥᠪᠯᠡᠯᠭᠡᠨ ᠤ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠳᠠᠯ ᠦᠭᠡᠶ ᠬᠤᠷᠠᠯᠳᠤᠬᠤ ᠭᠡᠵᠦ ᠪᠠᠶᠢᠨ᠎ᠠ᠂ ᠲᠦᠢᠯ ᠢᠶᠠᠷ | ᠪᠠᠶᠠᠷᠯᠠᠵᠤ᠄ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯ ᠢᠷᠠᠭᠤ ᠠᠯᠳᠠᠷ ᠮᠥᠨ ᠪᠥᠭᠡᠳ ᠡᠭᠦᠷᠭᠡ | ᠬᠠᠷᠢᠭᠤᠴᠠᠯᠭ᠎ᠠ ᠮᠥᠨ᠂ ᠪᠢ ᠯᠠᠪᠲᠠᠶ ︿ᠬᠤᠶᠠᠷ ᠬᠤᠷᠠᠯ﹀ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ | ᠢᠳᠡᠪᠬᠢᠲᠡᠶ ᠪᠠᠷ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠵᠦ᠂ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠨ᠂ ᠡᠷᠡᠭᠦᠯ ᠬᠠᠮᠠᠭᠠᠯᠠᠯ | ᠡᠷᠡᠭᠦᠯ ᠮᠡᠨᠳᠦ ᠵᠢᠴᠢ ᠡᠬᠡ ᠨᠢᠯᠬᠠᠰ ᠤᠨ ᠠᠵᠢᠯ ᠦᠶ᠋ᠯᠡᠰ ᠤᠨ ᠬᠥᠭᠵᠢᠯᠲᠡ ᠶᠢᠨ ᠬᠠᠯᠠᠭᠤᠨ ᠴᠡᠭ ᠢ ᠠᠩᠬᠠᠷᠴᠤ᠂ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠤᠨ ᠠᠮᠢᠳᠤᠷᠠᠯ ᠤᠨ ᠡᠷᠡᠭᠦᠯ ᠮᠡᠨᠳᠦ ᠶᠢᠨ | ᠣᠷᠣᠯᠠᠨ ᠥᠭᠦᠯᠡᠭᠴᠢ ᠶᠢ ᠰᠠᠶᠢᠲᠤᠷ ᠬᠢᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠬᠠᠮᠠᠭᠠᠯᠠᠭᠴᠢ ᠶᠢᠨ ᠳᠠᠪᠬᠤᠷ ᠡᠭᠦᠷᠭᠡ ᠬᠠᠷᠢᠭᠤᠴᠠᠯᠭ᠎ᠠ ᠶᠢᠨ ᠦᠶ᠋ᠯᠡᠳᠦᠯ ᠢ ᠰᠠᠶᠢᠲᠤᠷ | ᠪᠠᠳᠠᠷᠠᠭᠤᠯᠵᠤ᠂ ᠮᠠᠨ ᠤ ᠬᠤᠰᠢᠭᠤᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠡᠬᠢᠯᠡᠯᠲᠡ ᠶᠢᠨ ᠵᠢᠯ ᠳᠤ ᠬᠦᠴᠦᠨ ᠴᠢᠳᠠᠯ ᠢᠶᠠᠨ ᠡᠷᠭᠦᠨ᠎ᠡ︕︾ ᠭᠡᠵᠦ ᠬᠡᠯᠡᠪᠡ᠃ | ᠭᠡᠰᠢᠭᠦᠳ᠄ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠷ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳ᠋ᠠ ᠮᠤᠤ ᠶᠢᠨ ᠡᠯ᠎ᠡ ᠡᠲᠡᠭᠡᠳ ᠤᠨ ᠤᠯᠠᠨ | ᠲᠦᠮᠡᠨ ᠤ ᠬᠦᠰᠡᠯ ᠡᠷᠡᠮᠡᠯᠵᠡᠯ ᠢ ᠬᠤᠷᠠᠯ ᠳᠡᠭᠡᠷ᠎ᠡ ᠠᠪᠴᠢᠷᠠᠵᠤ᠂ ᠳ᠋ᠠ ᠮᠤᠤ ᠶᠢᠨ ᠠᠵᠤ ᠠᠬᠤᠢ ᠶᠢᠨ | ᠬᠥᠭᠵᠢᠯᠲᠡ ᠶᠢᠨ ᠦᠷ᠎ᠡ ᠪᠦᠲᠦᠭᠡᠯ ᠢ ᠬᠤᠷᠠᠯ ᠳᠡᠭᠡᠷ᠎ᠡ ᠠᠪᠴᠢᠷᠠᠵᠤ᠂ ︽ᠬᠤᠶᠠᠷ ᠬᠤᠷᠠᠯ ᠤᠨ ᠦᠯᠢᠭᠡᠷ︾ ︽ᠳ᠋ᠠ | ᠮᠤᠤ ᠶᠢᠨ ᠦᠯᠢᠭᠡᠷ︾ ᠢ ᠰᠠᠶᠢᠲᠤᠷ ᠶᠠᠷᠢᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳ᠋ᠡ | ᠮᠤᠤ ᠶᠢ ᠲᠦᠷᠭᠡᠨ ᠪᠦᠳᠦᠬᠡᠨ ᠪᠠᠶᠢᠭᠤᠯᠬᠤ ᠳᠤ ᠠᠷᠭ᠎ᠠ ᠤᠬᠠᠭᠠᠨ ᠡᠷᠭᠦᠵᠦ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠢᠳᠡᠪᠬᠢ ᠦᠢᠯᠡᠳᠦᠯ ᠢ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃ | |