ᠡᠷᠡᠮᠡᠬᠡᠶᠢᠯᠡᠨ ᠤᠷᠤᠭᠰᠢᠯᠠᠵᠤ ᠰᠢᠨ᠎ᠡ ᠵᠠᠮ ᠢ ᠡᠬᠢᠯᠡᠭᠦᠯᠵᠦ ᠰᠢᠨ᠎ᠡ ᠶᠢ ᠡᠭᠦᠳᠴᠦ ᠪᠣᠳᠠᠲᠠᠢ ᠠᠵᠢᠯᠯᠠᠵᠤ ᠢᠷᠠᠭᠤ ᠬᠠᠭᠤᠳᠠᠰᠤ ᠶᠢ ᠦᠷᠭᠦᠯᠵᠢᠯᠡᠭᠦᠯᠰᠦᠭᠡᠢ — ᠤᠯᠤᠰ ᠲᠦᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯᠳᠤᠭᠠᠨ  ᠦᠪᠡᠳᠡᠭᠰᠢ  ᠶᠡᠭᠡ ᠪᠠᠷ  ᠬᠤᠷᠠᠯᠳᠦᠵᠦ ᠡᠬᠢᠯᠡᠭᠰᠡᠨ
ᠨᠡᠶᠢᠲᠡᠯᠡᠭᠰᠡᠨ ᠴᠠᠭ᠄
2021/3/8
   
     ᠡᠷᠡᠮᠡᠬᠡᠶᠢᠯᠡᠨ ᠤᠷᠤᠭᠰᠢᠯᠠᠵᠤ ᠰᠢᠨ᠎ᠡ ᠠᠶᠠᠨ ᠢ ᠡᠬᠢᠯᠡᠭᠦᠯᠵᠦ᠂ ᠰᠢᠨ᠎ᠡ ᠶᠢ ᠡᠭᠦᠳᠴᠦ ᠪᠣᠳᠠᠲᠠᠢ ᠠᠵᠢᠯᠯᠠᠨ ᠢᠷᠠᠭᠤ ᠬᠠᠭᠤᠳᠠᠰᠤ ᠶᠢ ᠦᠷᠭᠦᠯᠵᠢᠯᠡᠭᠦᠯᠦᠨ᠎ᠡ᠃ 3 ᠰᠠᠷ᠎ᠠ ᠶᠢᠨ 6 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠵᠠᠰᠠᠭ ᠤᠨ ᠤᠷᠳᠤᠨ ᠤ ᠬᠤᠷᠠᠯ ᠤᠨ ᠶᠠᠪᠤᠳᠠᠯ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠪᠥᠬᠦ ᠬᠤᠰᠢᠭᠤᠨ ᠤ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠢᠭᠡ ᠲᠠᠩᠬᠢᠮ ᠳᠤ ᠴᠤᠭᠯᠠᠷᠠᠨ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠤᠨ᠂ ᠥᠨᠳᠥᠷ ᠬᠢᠷᠢ ᠲᠦᠪᠰᠢᠨ ᠢᠶᠠᠷ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠪᠠᠷ ᠴᠢᠨᠠᠷ ᠰᠠᠶᠢᠲᠠᠶ ᠬᠥᠭᠵᠢᠯᠲᠡ ᠳᠤ ᠦᠶ᠋ᠯᠡᠴᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠡᠯᠪᠡᠷᠢ ᠪᠠᠨ ᠬᠤᠪᠢᠷᠠᠭᠤᠯᠤᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠪᠡ᠃ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ   ᠰᠤᠳᠦ᠂ ᠳᠡᠳ᠋ ᠲᠡᠷᠢᠭᠦᠯᠡᠭᠴᠢ ᠸᠤᠨ ᡁᠢ ᠵᠢᠶᠦ᠋ᠨ᠂  ᠰᠠᠷᠠᠩᠭᠤᠸ᠎ᠠ᠂ ᠦ᠋ ᠼᠦᠨ ᠪᠦᠦ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠯᠢᠦ ᠬᠠᠶ ᠴᠢᠤᠸᠠᠨ᠂ ᠭᠦᠩ ᠬᠤᠸᠠ ᠵᠢᠴᠢ ᠭᠡᠷ ᠲᠡᠭᠡᠨ ᠪᠠᠶᠢᠭᠰᠠᠨ ᠳᠡᠳ᠋ ᠰᠢᠶᠠᠨ ᠤ ᠱᠠᠲᠤᠨ ᠠᠴᠠ ᠳᠡᠭᠡᠭᠰᠢᠬᠢ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠵᠤ᠂ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠡᠶ᠃      ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠬᠤ ᠶᠣᠰᠣᠲᠠᠶ ᠭᠡᠰᠢᠭᠦᠨ 125 ᠬᠥᠮᠦᠨ᠂ ᠪᠣᠳᠠᠲᠠᠶ ᠣᠷᠣᠯᠴᠠᠭᠰᠠᠨ ᠨᠢ 104 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠬᠤᠷᠠᠯ ᠤᠨ ᠲᠠᠯᠠᠪᠠᠢ ᠳᠤ ᠬᠦᠷ ᠬᠥᠭᠵᠢᠶᠡᠨ ᠲᠠᠢ ᠠᠭᠤᠷ ᠠᠮᠢᠰᠬᠤᠯ ᠪᠢᠯᠬᠠᠵᠤ᠂ ᠦᠳᠡ ᠶᠢᠨ ᠡᠮᠦᠨᠡᠬᠢ 9 ᠴᠠᠭ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃
      ᠸᠧᠨ ᡁᠢ ᠵᠢᠶᠦ᠋ᠨ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃ ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠵᠥᠪᠯᠡᠬᠦ ᠵᠦᠶ᠋ᠯ ︵ᠲᠥᠰᠦᠯ︶ ᠢ ᠬᠢᠨᠠᠨ ᠶᠠᠷᠢᠯᠴᠠᠵᠤ ᠪᠠᠲᠤᠯᠠᠪᠠ᠃
     ᠰᠤᠳᠦ ᠤᠯᠤᠰ ᠲᠥᠷᠥ ᠶᠢᠨ ᠵᠥᠪᠯᠡᠯᠭᠡᠨ ᠤ  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ  ᠬᠤᠷᠢᠶᠠᠶ᠎ᠠ ᠶᠢᠨ ᠪᠠᠶᠢᠩᠭᠤ ᠶᠢᠨ ᠬᠤᠷᠢᠶᠠᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠪᠡ        ᠰᠤᠳᠦ ᠴᠢᠬᠤᠯᠠᠴᠢᠯᠠᠭᠰᠠᠨ ᠨᠢ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠪᠣᠯᠤᠨ᠎ᠠ ᠃ ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠ ᠡᠯ᠎ᠡ ᠰᠠᠯᠠᠭ᠎ᠠ ᠮᠥᠴᠢᠷ ᠤᠨ ᠢᠳᠡᠪᠬᠢᠲᠡᠶ ᠬᠠᠮᠵᠢᠯᠴᠠᠭ᠎ᠠ ᠳᠣᠣᠷ᠎ᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠤᠣᠰ ᠴᠢᠭᠯᠡᠯ ᠢᠶᠠᠷ ᠬᠦᠴᠦᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠳᠦᠷᠰᠦ ᠪᠠᠶᠢᠳᠠᠯ ᠢ ᠪᠤᠢ ᠪᠣᠯᠭᠠᠪᠠ᠃       6 ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠳ᠋ᠦᠩᠨᠡᠵᠡᠶ᠃ ᠨᠢᠭᠡ ᠳᠤ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠬᠤᠶᠠᠷ ᠲᠤ ᠭᠤᠣᠯᠳᠠᠯᠭ᠎ᠠ ᠶᠢᠨ ᠲᠣᠭᠤᠷᠢᠨ ᠳᠤ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢ ᠲᠤᠪᠤᠶᠢᠯᠭᠠᠪᠠ᠃ ᠭᠤᠷᠪᠠ ᠳᠤ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠤᠪᠤᠶᠢᠯᠭᠠᠵᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠦᠷᠪᠡ ᠳᠤ ᠪᠦᠯᠬᠦᠮᠳᠡᠨ ᠬᠠᠮᠲᠤᠷᠠᠯᠴᠠᠬᠤ ᠶᠢ ᠲᠤᠪᠤᠶᠢᠯᠭᠠᠵᠦ᠂ ᠡᠯ᠎ᠡ ᠡᠲᠡᠭᠡᠳ ᠤᠨ ᠤᠶᠤᠨ ᠤᠬᠠᠭᠠᠨ ᠬᠦᠴᠦᠨ ᠴᠢᠳᠠᠯ ᠢ ᠤᠯᠠᠮ ᠨᠢᠭᠡ ᠠᠯᠬᠤᠮ ᠨᠢᠭᠲᠠᠷᠠᠭᠤᠯᠪᠠ᠃ ᠲᠠᠪᠤ ᠳᠤ ᠶᠡᠭᠡ ᠲᠠᠯ᠎ᠠ ᠶᠢᠨ ᠦᠵᠡᠯᠲᠡ ᠶᠢ ᠲᠤᠪᠤᠶᠢᠯᠭᠠᠵᠦ᠂ ᠦᠢᠯᠡᠴᠢᠯᠡᠭᠡᠨ ᠤ ᠠᠬᠢᠭᠤᠯᠬᠤ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠪᠡ᠃ ᠵᠢᠷᠭᠤᠭ᠎ᠠ ᠳᠤ ᠦᠨᠳᠦᠰᠦ ᠪᠠᠨ ᠪᠠᠬᠢᠵᠢᠭᠦᠯᠵᠦ ᠰᠠᠭᠤᠷᠢ ᠪᠠᠨ ᠪᠠᠬᠢᠵᠢᠭᠦᠯᠬᠦ ᠶᠢ ᠲᠤᠪᠤᠶᠢᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠤᠯᠠᠮ ᠨᠢᠭᠡ ᠠᠯᠬᠤᠮ ᠴᠢᠩᠭᠠᠷᠠᠪᠠ᠃      ᠰᠤᠳᠦ ᠴᠢᠬᠤᠯᠠᠴᠢᠯᠠᠭᠰᠠᠨ ᠨᠢ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠡᠴᠦᠰ ᠤᠨ ᠨᠢᠭᠡ ᠵᠢᠯ ᠮᠥᠨ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠦ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ ᠪᠤᠭᠤᠲᠤ ᠬᠤᠲᠠ ᠶᠢᠨ ᠨᠠᠮ ᠤᠨ ᠬᠤᠷᠢᠶᠠᠨ ᠤ ︽ᠳᠥᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠪᠠᠲᠤ ᠡᠵᠡᠮᠰᠢᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠪᠠᠷ ᠭᠤᠣᠯ ᠭᠤᠭᠴᠤᠭ᠎ᠠ ᠪᠣᠯᠭᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠬᠠᠮᠰᠠᠷ ᠤᠨ ᠴᠣᠭᠴᠠ ᠶᠢᠨ ᠬᠥᠮᠦᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠦᠬᠦ ᠬᠤᠰᠢᠭᠤᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠨ᠎ᠡ᠃       ᠰᠤᠳᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ ᠬᠥᠭᠵᠢᠯᠲᠡ ᠶᠢ ᠡᠷᠢᠯᠬᠢᠯᠡᠵᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ 2021 ᠣᠨ ᠳᠤ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠨᠠᠮ ᠤᠨ ᠤᠯᠤᠰ ᠲᠦᠷᠦ ᠶᠢᠨ ᠵᠥᠪᠯᠡᠯᠭᠡᠨ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠨᠡᠩ ᠬᠦᠴᠦᠲᠡᠢ ᠪᠠᠷ ᠨᠠᠶᠢᠳᠠᠪᠤᠷᠢᠵᠢᠭᠤᠯᠤᠨ᠎ᠠ᠃ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠲᠦᠷᠢᠮ ᠤᠨ ᠳᠠᠪᠠᠭᠤᠯᠢᠭ ᠢ ᠨᠡᠩ ᠪᠦᠲᠦᠮᠵᠢᠲᠡᠶ ᠪᠠᠷ ᠪᠠᠳᠠᠷᠠᠭᠤᠯᠬᠤ ᠬᠡᠷᠡᠭᠲᠡᠶ᠃ ᠭᠤᠣᠯ ᠵᠠᠩᠭᠢᠯᠠᠭ᠎ᠠ ᠶᠢ ᠲᠤᠪᠤᠶᠢᠯᠭᠠᠵᠤ᠂ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠡᠩ ᠡᠮᠬᠢ ᠵᠢᠷᠤᠮ ᠲᠠᠢ ᠪᠠᠷ ᠨᠢᠭᠲᠠᠷᠠᠭᠤᠯᠬᠤ ᠬᠡᠷᠡᠭᠲᠡᠶ᠃ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠨᠡᠩ ᠢᠯᠡᠭᠦᠦ ᠠᠮᠵᠢᠯᠲᠠ ᠲᠠᠢ ᠪᠠᠷ ᠡᠭᠦᠷᠭᠡᠯᠡᠬᠦ ᠬᠡᠷᠡᠭᠲᠡᠢ᠃       ᠦ᠋ ᠼᠦᠨ ᠪᠦᠦ ᠤᠯᠤᠰ ᠲᠦᠷᠦ ᠶᠢᠨ ᠵᠥᠪᠯᠡᠯᠭᠡᠨ ᠤ  ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠲᠤᠰᠬᠠᠶ ᠺᠣᠮᠢᠰ ᠪᠠ ᠡᠲᠡᠭᠡᠳ ᠤᠨ ᠢᠯᠭᠠᠯ ᠤᠨ ᠳᠤᠭᠤᠶᠢᠯᠠᠩ ᠤᠨ ᠬᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠯᠡᠯ ᠢᠶᠠᠨ ᠴᠢᠩᠭᠠᠳᠬᠠᠵᠤ᠂ ᠰᠠᠨᠠᠯ ᠵᠥᠪᠯᠡᠯᠭᠡ ᠶᠢ ᠢᠳᠡᠪᠬᠢᠲᠡᠶ ᠪᠠᠷ ᠬᠡᠷᠡᠭᠯᠡᠨ ᠡᠭᠦᠷᠭᠡ ᠴᠢᠳᠠᠪᠤᠷᠢ ᠪᠠᠨ ᠬᠢᠨᠠᠮᠠᠭᠠᠶ ᠭᠦᠢᠴᠡᠳᠬᠡᠪᠡ᠃ ᠪᠦᠬᠦ ᠵᠢᠯ ᠳᠤ 66 ᠬᠤᠪᠢ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠵᠤ ᠨᠡᠶᠢᠯᠡᠭᠦᠯᠦᠨ ᠬᠡᠷᠡᠭ ᠪᠣᠯᠭᠠᠨ ᠳᠠᠩᠰᠠᠯᠠᠵᠤ᠂ ᠰᠠᠨᠠᠯ ᠵᠥᠪᠯᠡᠯᠭᠡ ᠳᠤ ᠬᠠᠷᠢᠭᠤᠯᠲᠠ ᠥᠭᠭᠦᠭᠰᠡᠨ ᠨᠤᠷᠮ᠎ᠠ ᠶᠢ 100% ᠳᠤ ᠬᠦᠷᠭᠡᠵᠦ᠂ ᠭᠡᠰᠢᠭᠦᠳ ᠤᠨ ᠰᠡᠳᠬᠢᠯ ᠬᠠᠨᠤᠮᠵᠢᠲᠠᠶ ᠪᠤᠶᠤ ᠦᠨᠳᠦᠰᠦᠨ ᠳᠡᠭᠡᠨ ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ 98᠂5% ᠳᠤ ᠬᠦᠷᠭᠡᠵᠡᠶ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠶᠢᠭ᠎ᠠ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠢᠯ ᠦᠶ᠋ᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠪᠠ ᠬᠤᠰᠢᠭᠤᠨ ᠳᠤ ᠰᠠᠭᠤᠭ᠎ᠠ ᠬᠡᠰᠡᠭ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号