| 3 ᠰᠠᠷ᠎ᠠ ᠶᠢᠨ 6 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠲᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ | ᠬᠤᠶᠠᠳᠤᠭᠠᠷ ᠪᠥᠬᠦᠳᠡ ᠬᠤᠷᠠᠯ ᠬᠤᠷᠠᠯᠳᠤᠪᠠ᠃ 10 ᠭᠡᠰᠢᠭᠦᠨ ᠬᠤᠷᠠᠯ ᠳᠡᠭᠡᠷ᠎ᠡ ᠲᠤᠰᠬᠠᠶ ᠰᠡᠳᠦᠪ ᠢᠶᠠᠷ ᠶᠠᠷᠢᠶ᠎ᠠ | ᠲᠠᠯᠪᠢᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠥᠭᠪᠡ᠃ | ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 125 ᠬᠥᠮᠦᠨ᠂ ᠪᠣᠳᠠᠲᠠᠶ | ᠣᠷᠣᠯᠴᠠᠭᠰᠠᠨ ᠨᠢ 104 ᠬᠥᠮᠦᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠪᠠ ᠬᠤᠯᠪᠣᠭᠳᠠᠯ | ᠪᠥᠬᠦᠶ ᠲᠣᠭᠲᠠᠭᠠᠯ ᠳᠤ ᠨᠡᠶᠢᠴᠡᠵᠦ ᠪᠠᠶᠢᠨ᠎ᠠ᠃ | ᠬᠤᠰᠢᠭᠤᠨ ᠤ ᠤᠯᠤᠰ ᠳᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠤᠳᠦ᠂ ᠳᠠᠳ ᠲᠡᠷᠢᠭᠦᠯᠡᠭᠴᠢ ᠡᠦ ᠼᠦᠨ ᠪᠦᠦ᠂ | ᠸᠡᠨ ᡁᠢ ᠵᠢᠶᠦ᠋ᠨ᠂ ᠰᠠᠷᠠᠩᠭᠤᠸ᠎ᠠ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠰᠢᠤᠸᠠᠢ ᠰᠦᠩ᠂ ᠯᠢᠦ ᠬᠠᠶ ᠴᠢᠤᠸᠠᠨ ᠵᠢᠴᠢ ᠭᠡᠷ ᠲᠡᠭᠡᠨ ᠪᠠᠶᠢᠭ᠎ᠠ ᠳᠡᠳ᠋ ᠰᠢᠶᠠᠨ ᠤ ᠱᠠᠲᠤᠨ ᠠᠴᠠ | ᠳᠡᠭᠡᠭᠰᠢᠬᠢ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠵᠠᠶ᠃ | ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠠᠳ ᠲᠡᠷᠢᠭᠦᠯᠡᠭᠴᠢ ᠡᠦ ᠼᠦᠨ ᠪᠦᠦ ᠬᠤᠷᠠᠯ ᠢ ᠡᠷᠭᠢᠯᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠯᠢ ᠶᠦᠩ ᠰᠢᠨ ᠤᠯᠤᠰ ᠳᠦᠷᠦ ᠶᠢᠨ ᠵᠥᠪᠯᠡᠯᠭᠡᠨ ᠤ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠠᠵᠢᠯᠲᠠᠨ ᠤ ᠶᠠᠪᠤᠳᠠᠯ ᠤᠨ | ᠲᠤᠬᠠᠶ ᠲᠣᠳᠣᠷᠬᠠᠶᠢᠯᠠᠯᠲᠠ ᠬᠢᠪᠠ᠃ | | ᠸᠠᠩ ᠵᠢᠶᠦ᠋ᠨ ᠵᠡᠷᠭᠡ 10 ᠭᠡᠰᠢᠭᠦᠨ ᠳᠡᠰ ᠳᠠᠷᠠᠭ᠎ᠠ ᠲᠠᠢ ᠪᠠᠷ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠤ᠂ | 10 ᠭᠡᠰᠢᠭᠦᠨ ᠤ ᠶᠠᠷᠢᠶᠠᠨ ᠤ ᠮᠠᠲ᠋ᠧᠷᠢᠶᠠᠯ ᠤᠨ ᠠᠭᠤᠯᠭ᠎ᠠ ᠶᠢᠨ ᠬᠠᠮᠤᠷᠬᠤ ᠬᠡᠪᠴᠢᠶ᠎ᠡ ᠨᠢ ᠥᠷᠭᠡᠨ᠂ ᠠᠵᠤ ᠠᠬᠤᠶ᠂ | ᠤᠯᠤᠰ ᠲᠦᠷᠦ᠂ ᠰᠣᠶᠣᠯ᠂ ᠡᠮ ᠡᠮᠨᠡᠯᠭᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠡᠯ᠎ᠡ ᠲᠠᠯ᠎ᠠ ᠶᠢ | ᠬᠠᠮᠤᠷᠪᠠ᠃ | | ᠸᠠᠩ ᠵᠢᠶᠦ᠋ᠨ ᠲᠤᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠣᠭᠠᠨ ᠤ ᠲᠡᠷᠢᠭᠦᠯᠡᠭᠴᠢ | ᠸᠠᠩ ᠵᠢᠶᠦ᠋ᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠮ ᠢ | ᠬᠠᠶᠢᠨ ᠰᠦᠪᠡᠭᠴᠢᠯᠡᠶ᠎ᠡ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ ᠶᠠᠷᠢᠶᠠᠨ ᠳᠠᠭᠠᠨ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠪᠠ ᠮᠠᠯᠵᠢᠬᠤ ᠣᠷᠣᠨ ᠤ ᠬᠥᠭᠵᠢᠯᠲᠡ ᠳᠤ | ᠴᠢᠭᠯᠡᠭᠦᠯᠦᠨ᠂ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠠᠰᠢᠭᠯᠠᠵᠤ᠂ ᠠᠮᠢ ᠠᠬᠤᠶ | ᠪᠠ ᠠᠵᠤ ᠠᠬᠤᠶ ᠶᠢᠨ ᠦᠷ᠎ᠡ ᠠᠰᠢᠭ ᠢ ᠨᠢ ᠭᠦᠶ᠋ᠴᠡᠳ ᠪᠠᠳᠠᠷᠠᠭᠤᠯᠬᠤ ᠬᠡᠷᠡᠭᠲᠡᠶ︔ ᠵᠠᠰᠠᠭ ᠤᠨ ᠣᠷᠳᠣᠨ ᠤ | ᠬᠥᠲᠥᠯᠦᠨ ᠵᠢᠯᠣᠭᠤᠳᠬᠤ ᠦᠶ᠋ᠯᠡᠴᠢᠯᠡᠭᠡ ᠶᠢ ᠴᠢᠩᠭᠠᠳᠬᠠᠵᠤ᠂ ᠣᠲᠣ ᠦᠶ᠎ᠡ ᠶᠢᠨ ᠥᠨᠳᠥᠷ ᠪᠦᠲᠦᠮᠵᠢᠲᠡᠶ ᠮᠠᠯ | ᠠᠵᠤ ᠠᠬᠤᠶ ᠶᠢ ᠠᠮᠢ ᠠᠬᠤᠶ ᠶᠢ ᠬᠠᠮᠠᠭᠠᠯᠠᠬᠤ ᠤᠷᠢᠲᠠᠯ ᠳᠣᠣᠷ᠎ᠠ ︽ᠴᠥᠭᠡᠨ ᠲᠡᠵᠢᠭᠡᠵᠦ ᠨᠠᠷᠢᠯᠢᠭ ᠲᠡᠵᠢᠭᠡᠬᠦ︾ | ᠤᠳᠤ ᠦᠶ᠎ᠡ ᠶᠢᠨ ᠮᠠᠯ ᠠᠵᠤ ᠠᠬᠤᠶ ᠶᠢ ᠬᠥᠭᠵᠢᠭᠦᠯᠦᠨ᠎ᠡ︔ ᠨᠥᠬᠦᠴᠡᠯ ᠳᠤ ᠨᠡᠶᠢᠴᠡᠬᠦ ᠭᠠᠵᠠᠷ ᠣᠷᠣᠨ ᠳᠤ᠂ | ᠬᠠᠳᠤᠯᠠᠩ ᠪᠡᠯᠴᠢᠭᠡᠷ ᠤᠨ ᠡᠷᠭᠢᠯᠲᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ︔ ︽ᠲᠠᠷᠬᠠᠨ | ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠭᠠᠵᠠᠷ ᠣᠷᠣᠨ ᠤ ᠣᠯᠠᠨ ᠨᠡᠶᠢᠲᠡ ᠶᠢᠨ ᠨᠠᠷᠠᠲᠤ ᠲᠡᠮᠳᠡᠭ ᠢ ᠪᠥᠬᠦ | ᠬᠦᠴᠦᠨ ᠢᠶᠠᠷ ᠢᠶᠠᠨ ᠪᠣᠶ ᠪᠣᠯᠭᠠᠨ᠎ᠠ︔ ᠮᠠᠯᠵᠢᠬᠤ ᠣᠷᠣᠨ ᠤ ᠮᠠᠯᠵᠢᠬᠤ ᠴᠢᠬ ᠤᠨ ᠰᠠᠭᠤᠷᠢ ᠣᠷᠣᠭᠤᠯᠤᠯᠲᠠ ᠶᠢ | ᠨᠡᠮᠡᠭᠳᠡᠭᠦᠯᠦᠨ᠎ᠡ᠃ | | ᠦ᠋ ᠴᠢᠶᠦ᠋ᠩ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠨᠠᠮ ᠤᠨ | ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ | ︽ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠣᠭᠤᠷᠢᠨ ᠪᠠᠶᠢᠴᠠᠭᠠᠵᠤ ᠬᠢᠨᠠᠯᠲᠠ | ᠲᠠᠯᠪᠢᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠷᠢᠯᠴᠠᠨ ᠠᠭᠤᠰᠤᠯᠴᠠᠭᠤᠯᠬᠤ ᠶᠢ ᠢᠳᠡᠪᠬᠢᠲᠡᠢ | ᠰᠦᠪᠡᠭᠴᠢᠯᠡᠶ᠎ᠡ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ ᠶᠠᠷᠢᠶᠠᠨ ᠳᠠᠭᠠᠨ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠬᠢᠨᠠᠯᠲᠠ ᠲᠠᠯᠪᠢᠬᠤ ᠥᠷᠭᠡᠴᠡ ᠪᠠ | ᠥᠷᠭᠡᠴᠡ ᠶᠢ ᠥᠷᠭᠡᠳᠬᠡᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠨᠡᠨ ᠠᠴᠠ ᠵᠥᠪ ᠢ | ᠡᠷᠢᠬᠦ ᠵᠠᠷᠴᠢᠮ ᠢ ᠪᠠᠷᠢᠮᠲᠠᠯᠠᠵᠤ᠂ ᠠᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ︔ ᠢᠵᠢᠯ ᠳᠠᠪᠲᠠᠮᠵᠢ ᠶᠢᠨ ᠲᠡᠷᠪᠢᠯᠳᠡ ᠢᠵᠢᠯ ᠴᠢᠭᠯᠡᠯ ᠢᠶᠠᠷ ᠬᠦᠴᠦᠯᠡᠬᠦ ᠳᠠᠪᠠᠭᠤᠯᠢᠭ ᠢ ᠠᠰᠢᠭᠯᠠᠵᠤ᠂ | ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠰᠠᠨᠠᠯ ᠳᠤᠷᠠᠳᠤᠯᠭ᠎ᠠ ᠶᠢᠨ ᠬᠤᠪᠢᠷᠠᠭᠤᠯᠤᠯᠲᠠ ᠶᠢ ᠪᠦᠲᠦᠮᠵᠢᠲᠡᠢ | ᠠᠭᠤᠰᠤᠯᠴᠠᠭᠤᠯᠬᠤ ᠶᠢ ᠠᠬᠢᠭᠤᠯᠤᠨ᠎ᠠ᠃ | | ᠰᠦᠩ ᠫᠧᠶ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠳᠠᠷᠬᠠᠨ ᠮᠤᠤᠮᠢᠩᠭᠠᠨ ᠬᠤᠰᠢᠭᠤᠨ ᠤ ᠰᠠᠯᠪᠤᠷᠢ ᠪᠠᠩᠬᠢ ᠶᠢᠨ ᠳᠠᠷᠤᠭ᠎ᠠ | ︽ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠳᠠᠪᠠᠭᠤᠯᠢᠭ ᠢ ᠪᠦᠲᠦᠮᠵᠢᠲᠡᠢ ᠪᠠᠳᠠᠷᠠᠭᠤᠯᠵᠤ᠂ ᠡᠵᠡᠩᠨᠡᠯᠲᠡ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠶ᠎ᠡ︾ ᠭᠡᠬᠦ ᠰᠡᠳᠦᠪ ᠢᠶᠠᠷ ᠶᠠᠷᠢᠶ᠎ᠠ | ᠲᠠᠯᠪᠢᠪᠠ᠃ ᠶᠠᠷᠢᠶᠠᠨ ᠳᠠᠭᠠᠨ ᠰᠠᠨᠠᠭᠤᠯᠤᠭᠰᠠᠨ ᠨᠢ᠂ ᠤᠯᠤᠰ ᠤᠨ ᠥᠮᠴᠢᠯᠡᠯ ᠤᠨ ᠪᠠᠩᠬᠢ ᠵᠢᠭᠡᠯᠡᠯᠭᠡ ᠶᠢᠨ ᠡᠷᠬᠡ ᠶᠢᠨ | ᠬᠡᠪᠴᠢᠶ᠎ᠡ ᠶᠢ ᠵᠣᠬᠢᠰᠲᠠᠶ ᠪᠠᠷ ᠬᠤᠶᠠᠷ ᠡᠷᠬᠡᠲᠦ ᠪᠠᠷᠢᠴᠠᠭᠠᠳᠤ ᠵᠢᠭᠡᠯᠡᠯᠭᠡ ᠶᠢᠨ ᠢᠵᠢ ᠪᠦᠷᠢᠳᠦᠭᠦᠯᠬᠦ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠎ᠡ︔ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠤᠨ ᠵᠣᠬᠢᠴᠠᠭᠤᠯᠬᠤ | ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ | | ᠦ᠋ ᠴᠦᠨ ᠶᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠥᠷᠲᠡᠭᠡᠨ ᠤ | ᠳᠡᠳ᠋ ᠳᠠᠷᠤᠭ᠎ᠠ | ︽ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠤᠯᠪᠣᠭᠠᠲᠤ ᠴᠣᠭᠴᠠ ᠶᠢ ᠴᠢᠩᠭᠠᠳᠬᠠᠵᠤ᠂ | ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠠᠵᠤ ᠦᠶ᠋ᠯᠡᠰ ᠤᠨ | ᠬᠥᠭᠵᠢᠯᠲᠡ ᠶᠢ ᠦᠨᠡᠨ ᠬᠦ ᠪᠠᠲᠤᠯᠠᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ ᠶᠠᠷᠢᠶᠠᠨ ᠳᠠᠭᠠᠨ᠂ | ᠬᠠᠮᠲᠤᠷᠠᠭᠰᠠᠨ ᠭᠤᠤᠯ ᠴᠣᠭᠴᠠ ᠶᠢ ᠣᠯᠠᠨ ᠡᠰᠢᠵᠢᠭᠦᠯᠦᠨ ᠪᠤᠶᠢᠵᠢᠭᠤᠯᠵᠤ᠂ ᠬᠥᠲᠥᠴᠢ ᠠᠵᠤ ᠠᠬᠤᠶᠢᠯᠠᠯ ᠢ | ᠪᠤᠵᠠᠭᠠᠶᠢᠷᠠᠭᠤᠯᠤᠨ᠂ ᠲᠠᠷᠢᠶᠠᠴᠢᠳ ᠤᠨ ᠬᠤᠷᠰᠢᠶ᠎ᠠ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠦᠷᠭᠡᠳᠬᠡᠨ ᠬᠥᠭᠵᠢᠭᠦᠯᠬᠦ ᠬᠡᠷᠡᠭᠲᠡᠶ︔ ᠤᠯᠠᠨ ᠲᠠᠯ᠎ᠠ ᠠᠴᠠ | ᠨᠢᠭᠲᠠ ᠬᠤᠯᠪᠣᠯᠳᠤᠬᠤ ᠶᠢ ᠠᠬᠢᠭᠤᠯᠵᠤ᠂ ᠬᠤᠯᠪᠣᠯᠳᠤᠬᠤ ᠶᠢᠨ ᠵᠠᠭᠪᠤᠷ ᠢ ᠪᠠᠶᠠᠯᠢᠭᠵᠢᠭᠤᠯᠵᠤ᠂ ᠠᠵᠤ ᠦᠢᠯᠡᠰ ᠤᠨ | ᠠᠭᠤᠰᠤᠯᠴᠠᠯ ᠢ ᠲᠦᠷᠭᠡᠳᠬᠡᠵᠦ᠂ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ︔ ᠤᠯᠠᠨ ᠠᠷᠭ᠎ᠠ ᠵᠠᠮ ᠢᠶᠠᠷ ᠭᠤᠣᠯᠯᠠᠬᠤ ᠠᠵᠤ ᠦᠢᠯᠡᠰ ᠢ ᠬᠥᠭᠵᠢᠭᠦᠯᠵᠦ᠂ ᠤᠯᠠᠨ ᠠᠷᠭ᠎ᠠ | ᠵᠠᠮ ᠢᠶᠠᠷ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | | ᠵᠢᠶᠠᠩ ᠰᠢᠶᠤᠤ ᠶᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ | ︽ᠮᠠᠯᠴᠢᠨ ᠲᠠᠷᠢᠶᠠᠴᠢᠨ ᠤ ᠬᠡᠷᠡᠭᠯᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ | ᠮᠠᠯᠴᠢᠨ ᠲᠠᠷᠢᠶᠠᠴᠢᠨ ᠤ ᠠᠳᠠᠯ ᠦᠶ᠋ᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠦᠨᠡᠨ ᠬᠦ | ᠳᠠᠶᠢᠴᠢᠯᠠᠶᠠ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ ᠶᠠᠷᠢᠶ᠎ᠠ ᠲᠠᠯᠪᠢᠵᠤ ᠰᠠᠨᠠᠭᠤᠯᠬᠤ ᠳᠠᠭᠠᠨ᠂ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠴᠢᠩᠭᠠᠳᠬᠠᠵᠤ᠂ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠶ︔ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠣᠳᠠᠲᠠᠶ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠮᠥᠷᠳᠡᠨ ᠦᠶ᠋ᠯᠡᠴᠢᠯᠡᠬᠦ ᠪᠠᠨ ᠴᠢᠩᠭᠠᠳᠬᠠᠵᠤ᠂ ᠪᠣᠯᠪᠠᠰᠤᠷᠠᠭᠤᠯᠤᠯ ᠤᠨ ᠦᠷ᠎ᠡ | ᠪᠦᠲᠦᠭᠡᠯ ᠢ ᠬᠤᠪᠢᠷᠠᠭᠤᠯᠬᠤ ᠬᠡᠷᠡᠭᠲᠡᠶ︔ ᠦᠨᠳᠦᠰᠦᠨ ᠱᠠᠲᠤᠨ ᠤ ᠦᠢᠯᠡᠳᠦᠯ ᠢ ᠪᠠᠳᠠᠷᠠᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠴᠢᠩᠭᠠᠳᠬᠠᠵᠤ᠂ ᠪᠣᠯᠪᠠᠰᠤᠷᠠᠭᠤᠯᠤᠯ ᠳᠤ ᠣᠷᠣᠯᠴᠠᠬᠤ ᠬᠠᠯᠠᠭᠤᠨ ᠰᠡᠳᠬᠢᠯᠭᠡ ᠃ | | ᠦ᠋ ᠴᠢᠶᠦ᠋ᠩ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠯᠧᠺᠲ᠋ᠣᠷ ᠤᠨ ᠪᠦᠯᠬᠦᠮ ᠤᠨ ᠳᠠᠷᠤᠭ᠎ᠠ | ︽ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ | ᠰᠡᠳᠦᠪ ᠢᠶᠠᠷ ᠶᠠᠷᠢᠶ᠎ᠠ ᠲᠠᠯᠪᠢᠵᠤ᠂ ᠶᠠᠷᠢᠶᠠᠨ ᠳᠠᠭᠠᠨ ᠰᠤᠷᠤᠯᠴᠠᠯᠭ᠎ᠠ ᠪᠠᠨ ᠴᠢᠩᠭᠠᠳᠬᠠᠵᠤ᠂ ᠤᠨᠤᠯ ᠤᠨ ᠰᠠᠭᠤᠷᠢ ᠪᠠᠨ | ᠪᠠᠲᠤᠳᠬᠠᠬᠤ ᠬᠡᠷᠡᠭᠲᠡᠢ︔ ᠲᠡᠦᠬᠡ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ | ᠬᠡᠷᠡᠭᠲᠡᠢ︔ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠦᠢᠯᠡᠳᠦᠯ ᠢᠶᠠᠨ ᠪᠠᠳᠠᠷᠠᠭᠤᠯᠬᠤ︔ ᠬᠡᠯᠪᠡᠷᠢ ᠶᠢᠨ ᠰᠢᠨ᠎ᠡ ᠶᠢ ᠡᠭᠦᠳᠴᠦ᠂ ᠲᠦᠷᠦᠭᠦᠯᠡᠨ ᠤᠬᠠᠭᠤᠯᠤᠨ | ᠲᠠᠶᠢᠯᠪᠤᠷᠢᠯᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ | ᠬᠦᠴᠦᠨ ᠴᠢᠳᠠᠯ ᠢᠶᠠᠨ ᠡᠷᠭᠦᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠬᠦ ᠳᠤ | ᠥᠩᠭᠡ ᠬᠡᠷᠡᠯ ᠨᠡᠮᠡᠷᠢᠯᠡᠨ᠎ᠡ᠃ | | ᠵᠠᠩ ᠴᠢᠶᠠᠩ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠭᠡᠰᠢᠭᠦᠴᠢ | ︽ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠶ᠎ᠡ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ | ᠶᠠᠷᠢᠶᠠᠨ ᠳᠠᠭᠠᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠳᠠᠯ ᠠᠬᠤᠶ ᠶᠢᠨ ᠬᠠᠮᠢᠶᠠᠷᠤᠯᠲᠠ ᠶᠢᠨ | ᠬᠢᠷᠢ ᠨᠠᠮ ᠤᠨ ᠪᠠᠶᠢᠭᠤᠯᠤᠯᠲᠠ ᠨᠢ ᠣᠷᠣᠨ ᠪᠦᠰᠡ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠬᠤ ᠶᠢ ᠠᠳᠠᠯ | ᠠᠬᠤᠶ ᠶᠢᠨ ᠡᠷᠡᠭᠦᠯ ᠢᠶᠠᠷ ᠬᠥᠭᠵᠢᠬᠦ ᠶᠢ ᠵᠦᠢ ᠵᠣᠬᠢᠰᠲᠠᠶ ᠠᠬᠢᠭᠤᠯᠬᠤ ᠶᠢ ᠪᠦᠷᠢᠯᠳᠦᠭᠦᠯᠦᠨ᠎ᠡ᠃ | | ᠰᠡᠷᠭᠦᠯᠡᠩ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ | ︽ᠮᠠᠨᠳᠤᠯ ᠪᠣᠭᠤᠮᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠮᠠᠷᠠᠰᠢ | ᠨᠡᠬᠡᠬᠡᠯᠳᠡ ᠬᠢᠬᠦ ᠰᠢᠨ᠎ᠡ ᠥᠨᠳᠦᠷᠯᠢᠭ ᠢ ᠪᠠᠶᠢᠭᠤᠯᠤᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ ᠶᠠᠷᠢᠶᠠᠨ ᠳᠠᠭᠠᠨ᠂ | ᠪᠣᠭᠤᠮᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠣᠭᠤᠮᠲᠠ ᠶᠢᠨ ᠭᠠᠵᠠᠷ ᠣᠷᠣᠨ ᠢ ᠠᠭᠤᠰᠤᠯᠴᠠᠭᠤᠯᠤᠨ | ᠬᠥᠭᠵᠢᠭᠦᠯᠬᠦ ᠲᠥᠯᠥᠪᠵᠢᠭᠦᠯᠭᠡ ᠶᠢ ᠰᠠᠶᠢᠲᠤᠷ ᠬᠢᠬᠦ ᠬᠡᠷᠡᠭᠲᠡᠢ︔ ᠪᠠᠯᠠ ᠮᠥᠩᠭᠦ ᠶᠢᠨ ᠣᠷᠣᠭᠤᠯᠤᠯᠲᠠ ᠪᠠᠨ | ᠨᠡᠮᠡᠭᠳᠡᠭᠦᠯᠵᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ︔ | ᠪᠣᠭᠤᠮᠲᠠ ᠶᠢᠨ ᠥᠭᠡᠷᠡᠴᠢᠯᠡᠯᠲᠡ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠢ︔ ᠠᠵᠢᠯ ᠤᠨ ᠭᠤᠣᠯᠳᠠᠯᠭ᠎ᠠ ᠪᠠᠨ ᠡᠵᠡᠮᠳᠡᠵᠦ᠂ ᠪᠣᠭᠤᠮᠲᠠ ᠶᠢᠨ ᠭᠠᠳᠠᠭᠠᠳᠤ ᠠᠷᠠᠯᠵᠢᠶᠠᠨ | ᠤ ᠬᠥᠭᠵᠢᠯᠲᠡ ᠶᠢ ᠠᠬᠢᠭᠤᠯᠵᠤ᠂ ᠮᠣᠩᠭᠤᠯ ᠤᠯᠤᠰ ᠯᠤᠭ᠎ᠠ ᠶᠢᠨ ᠠᠵᠤ ᠠᠬᠤᠶ ᠠᠷᠠᠯᠵᠢᠶ᠎ᠠ᠂ ᠠᠵᠤ ᠦᠢᠯᠡᠰ ᠤᠨ | ᠬᠦᠷᠢᠶᠡᠨ ᠤ ᠬᠤᠷᠰᠢᠯᠴᠠᠭ᠎ᠠ ᠪᠠᠨ ᠥᠷᠭᠡᠳᠬᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶᠠᠨ ᠤ ᠤᠯᠠᠨ ᠡᠰᠢᠴᠢᠯᠡᠨ ᠬᠥᠭᠵᠢᠬᠦ ᠶᠢ ᠲᠥᠯᠬᠢᠨ ᠠᠬᠢᠭᠤᠯᠤᠨ᠎ᠠ᠃ | | ᠬᠠᠶᠢᠷᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ | ︽ᠴᠥᠭᠡᠨ ᠲᠣᠭᠠᠲᠤ ᠦᠨᠳᠦᠰᠦᠲᠡᠨ ᠤ ᠤᠶᠤᠲᠠᠳ ᠤᠨ ᠠᠵᠢᠯ ᠣᠯᠭᠤᠯᠲᠠ ᠵᠢᠴᠢ ᠬᠤᠣᠰ ᠬᠡᠯᠡᠨ ᠤ | ᠴᠢᠳᠠᠪᠤᠷᠢᠲᠠᠨ ᠢ ᠬᠥᠮᠦᠵᠢᠭᠦᠯᠬᠦ ᠪᠠᠶᠢᠳᠠᠯ ᠢ ᠴᠢᠩᠭᠠᠳᠬᠠᠬᠤ ᠲᠤᠬᠠᠢ ᠬᠡᠳᠦᠨ ᠰᠠᠨᠠᠭᠤᠯᠭ᠎ᠠ︾ ᠭᠡᠬᠦ ᠰᠡᠳᠦᠪ ᠢᠶᠠᠷ | ᠶᠠᠷᠢᠶ᠎ᠠ ᠲᠠᠯᠪᠢᠪᠠ᠃ ᠶᠠᠷᠢᠶ᠎ᠠ ᠲᠠᠯᠪᠢᠬᠤ ᠳᠠᠭᠠᠨ᠂ ᠠᠯᠪᠠᠲᠠᠨ᠂ ᠠᠵᠢᠯ ᠦᠶ᠋ᠯᠡᠰ ᠤᠨ ᠣᠷᠣᠨ ᠲᠤᠭ᠎ᠠ ᠶᠢᠨ ᠠᠵᠢᠯ ᠤᠨ | ᠪᠠᠶᠢᠷᠢ ᠶᠢᠨ ᠡᠯᠰᠡᠬᠦ ᠨᠥᠬᠦᠴᠡᠯ ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ︔ ᠬᠤᠭᠤᠰᠣᠨ ᠠᠵᠢᠯ ᠤᠨ ᠪᠠᠶᠢᠷᠢ ᠶᠢ | ᠴᠠᠭ ᠲᠤᠬᠠᠶ ᠳᠤᠨᠢ ᠨᠥᠬᠦᠪᠥᠷᠢᠯᠡᠬᠦ ᠬᠡᠷᠡᠭᠲᠡᠶ︔ ᠮᠠᠨ ᠤ ᠬᠤᠰᠢᠭᠤᠨ ᠤ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠣᠷᠣᠨ ᠨᠤᠲᠤᠭ ᠤᠨ ᠴᠢᠳᠠᠪᠤᠷᠢᠲᠠᠨ ᠤ ᠮᠠᠯᠴᠢᠨ ᠲᠠᠷᠢᠶᠠᠴᠢᠨ ᠤ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠵᠣᠬᠢᠶᠠᠨ | ᠪᠠᠶᠢᠭᠤᠯᠤᠯᠲᠠ ᠵᠡᠷᠭᠡ ᠰᠢᠨ᠎ᠡ ᠪᠠᠷ ᠪᠣᠶ ᠪᠣᠯᠤᠭᠰᠠᠨ ᠡᠵᠡᠩᠨᠡᠯᠲᠡ ᠶᠢᠨ ᠭᠤᠤᠯ ᠴᠣᠭᠴᠠ ᠶᠢ ᠡᠭᠦᠳᠦᠨ ᠪᠠᠶᠢᠭᠤᠯᠬᠤ ᠶᠢ | ᠵᠣᠷᠢᠭᠵᠢᠭᠤᠯᠤᠨ ᠳᠡᠮᠵᠢᠨ᠎ᠡ︔ ᠮᠠᠨ ᠤ ᠬᠤᠰᠢᠭᠤᠨ ᠤ ︽ᠴᠥᠭᠡᠨ ᠲᠣᠭᠠᠲᠤ ᠦᠨᠳᠦᠰᠦᠲᠡᠨ ᠤ ᠤᠶᠤᠲᠠᠳ ᠤᠨ | ᠠᠵᠢᠯ ᠣᠯᠭᠤᠯᠲᠠ ᠵᠢᠴᠢ ᠬᠤᠤᠰ ᠬᠡᠯᠡᠨ ᠤ ᠴᠢᠳᠠᠪᠤᠷᠢᠲᠠᠨ ᠢ ᠬᠥᠮᠦᠵᠢᠭᠦᠯᠬᠦ︾ ᠬᠡᠷᠡᠭᠵᠢᠭᠦᠯᠬᠦ ᠲᠥᠰᠦᠯ ᠢ | ᠲᠣᠭᠲᠠᠭᠠᠨ ᠨᠡᠶᠢᠲᠡᠯᠡᠵᠦ᠂ ᠪᠥᠬᠦ ᠬᠤᠰᠢᠭᠤᠨ ᠤ ᠳᠠᠪᠠᠭᠤᠯᠢᠭ ᠡᠬᠢ ᠪᠠᠶᠠᠯᠢᠭ᠂ ᠬᠠᠷᠠᠭᠠᠯᠵᠠᠯ ᠤᠨ ᠲᠥᠷᠥ ᠶᠢᠨ | ᠪᠣᠳᠣᠯᠭ᠎ᠠ᠂ ᠪᠠᠯᠠ ᠮᠥᠩᠭᠦ ᠶᠢᠨ ᠲᠡᠳᠬᠦᠮᠵᠢ ᠶᠢ ᠨᠢᠭᠡᠳᠦᠯᠲᠡᠶ ᠲᠥᠪᠯᠡᠷᠡᠭᠦᠯᠦᠨ ᠳᠣᠭᠢᠷᠠᠭᠤᠯᠵᠤ᠂ ᠪᠥᠬᠦ ᠲᠠᠯ᠎ᠠ ᠪᠠᠷ | ᠲᠥᠯᠥᠪᠵᠢᠭᠦᠯᠦᠨ᠎ᠡ᠃ | | ᠤᠤ ᠯᠢ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠦᠬᠡᠷ ᠬᠤᠳᠳᠤᠭ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ | ︽ᠡᠮ ᠡᠮᠨᠡᠯᠭᠡ ᠶᠢᠨ ᠳᠠᠭᠠᠳᠬᠠᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ | ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠶ᠎ᠡ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ | ᠶᠠᠷᠢᠶᠠᠨ ᠳᠠᠭᠠᠨ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠭᠤᠷᠪᠠᠨ ᠳᠠᠪᠬᠤᠷ ᠡᠮ | ᠡᠮᠨᠡᠯᠭᠡ ᠶᠢᠨ ᠪᠠᠲᠤᠯᠠᠭ᠎ᠠ ᠶᠢ ᠪᠠᠲᠤᠳᠬᠠᠬᠤ ᠬᠡᠷᠡᠭᠲᠡᠶ︔ ᠶᠡᠷᠦᠩᠬᠡᠶ ᠲᠤᠭ᠎ᠠ ᠶᠢᠨ ᠲᠦᠷᠢᠮ ᠢ ᠰᠢᠨᠵᠢᠯᠡᠬᠦ | ᠤᠬᠠᠭᠠᠨᠴᠢ ᠪᠠᠷ ᠪᠠᠶᠢᠭᠤᠯᠵᠤ᠂ ᠰᠠᠭᠤᠷᠢ ᠮᠥᠩᠭᠦ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠶ | ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠣᠯᠠᠨ ᠲᠦᠮᠡᠨ ᠤ | ᠵᠦᠶ ᠵᠣᠬᠢᠰᠲᠠᠶ ᠡᠮᠨᠡᠨ ᠵᠠᠰᠠᠬᠤ ᠶᠢ ᠦᠨᠡᠨᠬᠦ ᠪᠠᠲᠤᠯᠠᠬᠤ ᠬᠡᠷᠡᠭᠲᠡᠶ︔ ᠣᠨᠳᠣᠤ ᠭᠠᠵᠠᠷ ᠲᠤ ᠡᠮᠨᠡᠭᠦᠯᠬᠦ ᠲᠥᠷᠥ ᠶᠢᠨ | ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠬᠦᠰᠡᠯ ᠢ | ᠳᠡᠭᠡᠭᠰᠢᠯᠡᠭᠦᠯᠦᠨ᠎ᠡ︔ ᠮᠡᠳᠡᠭᠡ ᠵᠠᠩᠭᠢ ᠶᠢᠨ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠵᠦ᠂ ᠵᠠᠪᠰᠠᠷ ᠥᠬᠡᠶ | ᠵᠠᠯᠭᠠᠭᠤᠯᠬᠤ ᠪᠠᠶᠢᠭᠤᠯᠤᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ︔ ᠵᠣᠭᠤᠰ ᠥᠭᠬᠦ ᠪᠠᠷᠢᠮᠵᠢᠶ᠎ᠠ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | |