ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2021/3/9
     ᠰᠢᠨ᠎ᠡ ᠭᠠᠷᠤᠭ᠎ᠠ ᠳᠤ ᠰᠠᠭᠤᠷᠢᠯᠠᠵᠤ᠂ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ 3 ᠰᠠᠷ᠎ᠠ ᠶᠢᠨ 7 ᠤ ᠡᠳᠦᠷ᠂ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠯ᠎ᠡ ᠦᠨᠳᠦᠰᠦᠲᠡᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶ᠋ᠴᠡᠳᠬᠡᠵᠦ᠂ ᠶᠡᠭᠡ ᠶᠠᠪᠤᠳᠠᠯ ᠢ ᠵᠥᠪᠯᠡᠵᠦ᠂ ᠠᠷᠭ᠎ᠠ ᠪᠣᠳᠣᠯᠭ᠎ᠠ ᠪᠠᠨ ᠳᠡᠪᠰᠢᠭᠦᠯᠵᠦ᠂ ᠬᠥᠭᠵᠢᠯᠲᠡ ᠶᠢ ᠡᠷᠢᠯᠬᠢᠯᠡᠨ᠂ ᠡᠷᠡᠯᠬᠡᠭᠯᠡᠨ ᠤᠷᠤᠭᠰᠢᠯᠠᠬᠤ ᠰᠥᠰᠥ ᠵᠣᠷᠢᠭ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠪᠡ᠃
     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠭᠦᠩ ᠬᠤᠸᠠ ᠶᠡᠭᠡ ᠬᠤᠷᠠᠯ ᠢ ᠡᠷᠬᠢᠯᠡᠪᠡ᠃ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠰᠢᠤᠸᠠᠢ ᠰᠦᠩ᠂ ᠯᠢᠦ ᠬᠠᠢ ᠴᠢᠤᠸᠠᠨ᠂ ᠤᠳᠬᠠᠨᠰᠤᠳᠦ᠂ ᠶᠣᠣ ᠫᠸᠢ ᠴᠢᠩ᠂ ᠯᠢ ᠶᠦᠩ ᠰᠢᠨ᠂ ᠵᠠᠩ  ᠶᠢᠨ ᠵᠦᠩ᠂  ᠵᠠᠩ ᠪᠠᠭᠠᠨ᠎ᠠ᠂  ᠂ ᠵᠠᠩ ᠾᠦᠢ᠂ ᠵᠠᠩ ᠰᠢᠤ ᠴᠦᠨ᠂ ᠶᠠᠩ ᠶᠢᠨ ᠳ᠋ᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 144 ᠬᠥᠮᠦᠨ᠂ ᠣᠷᠣᠯᠴᠠᠬᠤ ᠶᠣᠰᠣᠲᠠᠢ ᠲᠥᠯᠥᠭᠡᠯᠡᠭᠴᠢ 136 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠲᠥᠪ ᠬᠢᠴᠢᠶᠡᠩᠭᠦᠢ ᠪᠥᠭᠡᠳ ᠬᠦᠷ ᠬᠥᠭᠵᠢᠶᠡᠨ ᠲᠠᠢ ᠪᠠᠶᠢᠵᠤ ᠂ ᠦᠳᠡ ᠶᠢᠨ ᠡᠮᠦᠨᠡᠬᠢ 9 ᠴᠠᠭ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃
     ᠬᠤᠷᠠᠯ ᠤᠨ ᠵᠥᠪᠯᠡᠬᠦ ᠵᠦᠶ᠋ᠯ ᠢ ᠦᠨᠳᠦᠰᠦᠯᠡᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠠ᠃      ᠮᠡᠳᠡᠭᠦᠯᠦᠯᠲᠡ ᠨᠢ ᠭᠤᠷᠪᠠᠨ ᠬᠡᠰᠡᠭ ᠢᠶᠠᠷ ᠪᠦᠷᠢᠯᠳᠦᠵᠡᠶ᠄      ᠨᠢᠭᠡ᠂ 2020 ᠣᠨ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ ᠡᠷᠭᠢᠴᠡᠭᠦᠯᠦᠯ︔      ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ︔      ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ᠃
     ᠯᠢᠦ ᠬᠠᠢ ᠴᠢᠤᠸᠠᠨ ᠮᠡᠳᠡᠭᠦᠯᠦᠯᠲᠡ ᠳᠡᠭᠡᠨ᠂ 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠦᠴᠦ ᠪᠠᠨ ᠬᠠᠮᠲᠤᠳᠬᠠᠵᠤ᠂ ᠬᠦᠴᠢᠷ ᠢ ᠰᠦᠷᠦᠨ ᠡᠷᠡᠯᠬᠡᠭᠯᠡᠨ ᠤᠷᠤᠭᠰᠢᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ ᠳᠠᠬᠢᠨ ᠲᠣᠭᠲᠠᠪᠤᠷᠢᠵᠢᠭᠤᠯᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠨ᠎ᠠ᠃      ᠯᠢᠦ ᠬᠠᠶ ᠴᠢᠤᠸᠠᠨ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠨᠠᠶ᠋ᠮᠠᠨ ᠲᠠᠯ᠎ᠠ ᠪᠠᠷ ᠳ᠋ᠦᠩᠨᠡᠵᠡᠶ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠤᠯᠪᠠ︔ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠬᠦᠴᠦᠨ ᠲᠡᠭᠦᠯᠳᠡᠷ ᠦᠷ᠎ᠡ ᠪᠦᠲᠦᠮᠵᠢᠲᠡᠢ ᠪᠠᠶᠢᠬᠤ ᠬᠡᠷᠡᠭᠲᠡᠢ︔ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠤᠯᠪᠠ︔ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠤᠯᠠᠨ ᠲᠠᠯ᠎ᠠ ᠪᠠᠷ ᠰᠢᠪᠲᠤᠯᠤᠯᠲᠠ ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ ᠲᠣᠬᠢᠷᠠᠭᠤᠯᠵᠤ ᠰᠢᠯᠢᠳᠡᠭᠵᠢᠭᠦᠯᠦᠨ᠎ᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠲᠠᠰᠤᠷᠠᠯᠲᠠ ᠥᠬᠡᠶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠯᠢᠦ ᠬᠠᠶ ᠴᠢᠤᠸᠠᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠠᠮᠵᠢᠯᠲᠠ ᠶᠢ ᠳ᠋ᠦᠩᠨᠡᠪᠡ᠄ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ︔ ᠠᠵᠤ ᠦᠶ᠋ᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ︔ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠪᠡ︔ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠠᠮᠢ ᠠᠬᠤᠶ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ︔ ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠦᠢᠯ ᠤᠨ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃      ᠯᠢᠦ ᠬᠠᠶ ᠴᠢᠤᠸᠠᠨ ᠢᠯᠡᠳᠬᠡᠯ ᠳᠡᠭᠡᠨ ᠵᠢᠭᠠᠵᠤ ᠭᠠᠷᠭᠠᠭᠰᠠᠨ ᠨᠢ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠤᠭ᠎ᠠ ᠲᠥᠰᠦᠪ ᠢ ᠵᠢᠷᠤᠭᠯᠠᠵᠤ᠂ ᠢᠷᠡᠭᠡᠳᠦᠶ ᠶᠢᠨ ᠲᠠᠪᠤᠨ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠠᠶ᠃ ᠪᠢᠳᠡ ᠨᠠᠶᠢᠳᠠᠪᠤᠷᠢᠵᠢᠭᠤᠯᠤᠯᠲᠠ ᠶᠢ ᠢᠮᠠᠭᠲᠠ ᠠᠳᠬᠤᠵᠤ᠂ ᠨᠢᠭᠡᠨ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠪᠡᠶᠡᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ 2035 ᠣᠨ ᠤ ᠠᠯᠤᠰ ᠤᠨ ᠬᠠᠷᠠᠯᠲᠠ ᠪᠠᠨ ᠲᠣᠭᠲᠠᠭᠠᠵᠤ᠂ ᠲᠠᠪᠤᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ ᠪᠣᠯᠵᠣ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ︔ ᠥᠭᠡᠷᠡᠴᠢᠯᠡᠯᠲᠡ ᠨᠡᠭᠡᠭᠡᠯᠲᠡ ᠴᠢᠬᠤᠯᠠ ᠠᠯᠬᠤᠮ ᠢ ᠠᠯᠬᠤᠵᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠤᠯᠪᠠ︔ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠴᠢᠬᠤᠯᠠ ᠶᠡᠭᠡ ᠳᠠᠪᠰᠢᠯᠲᠠ ᠲᠠᠢ ᠪᠣᠯᠵᠣ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠪᠠᠷ ᠭᠤᠤᠯ ᠪᠣᠯᠭᠠᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠨᠢᠭᠡᠳᠦᠯᠲᠡᠶ ᠲᠥᠯᠥᠪᠯᠡᠬᠦ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ︔ ᠨᠡᠶᠢᠭᠡᠮ ᠤᠨ ᠪᠣᠯᠪᠠᠰᠤᠨ ᠤ ᠬᠡᠮᠵᠢᠶ᠎ᠡ ᠢᠯᠡᠳᠲᠡ ᠳᠡᠭᠡᠭᠰᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠦᠨ ᠦᠨᠳᠦᠰᠦᠯᠡᠵᠦ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ︔ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠨᠡᠩ ᠥᠨᠳᠥᠷ ᠲᠦᠪᠰᠢᠨ ᠳᠤ ᠬᠦᠷᠴᠦ᠂ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯ ᠤᠨ ᠲᠦᠷᠦᠭᠳᠡᠯ ᠠᠮᠤᠷ ᠲᠦᠪᠰᠢᠨ ᠤ ᠲᠦᠷᠦᠭᠳᠡᠯ ᠦᠷᠭᠦᠯᠵᠢᠯᠡᠨ ᠴᠢᠩᠭᠠᠷᠠᠪᠠ︔ ᠵᠠᠰᠠᠯᠲᠠ ᠶᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ ᠲᠠᠢ ᠪᠤᠯᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠲᠦᠷᠭᠡᠨ ᠪᠦᠷᠢᠯᠳᠦᠭᠦᠯᠪᠡ︔ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠦᠢᠯᠡᠰ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠪᠠ ᠪᠡᠯᠡ ᠣᠷᠣᠭᠤᠯᠤᠯᠲᠠ ᠶᠢᠨ ᠳᠠᠯᠳᠠ ᠬᠦᠴᠦᠨ ᠪᠦᠬᠦ ᠣᠷᠣᠨ ᠳᠤ ᠲᠠᠰᠤᠷᠠᠯᠲᠠ ᠦᠭᠡᠢ ᠤᠷᠤᠭᠰᠢᠯᠠᠵᠤ ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠦᠨᠡᠨ ᠪᠣᠳᠠᠲᠠᠢ ᠠᠬᠢᠴᠠ ᠲᠠᠢ ᠪᠣᠯᠪᠠ᠃      ᠯᠢᠦ ᠬᠠᠶ ᠴᠢᠤᠸᠠᠨ ᠮᠡᠳᠡᠭᠦᠯᠦᠯᠲᠡ ᠳᠡᠭᠡᠨ ᠳᠤᠷᠠᠳᠤᠭᠰᠠᠨ ᠨᠢ᠂ 2021 ᠣᠨ ᠤ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶ᠋ᠯᠡᠳᠪᠦᠷᠢᠯᠡᠯ ᠤᠨ ᠪᠥᠬᠦ ᠥᠷᠲᠡᠭ ᠢ 8% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠳᠠᠬᠢᠨ ᠢᠶᠠᠷ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠠᠳᠠᠯᠢ ᠠᠯᠬᠤᠮ ᠲᠠᠢ ᠪᠠᠶᠢᠯᠭᠠᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠨ᠎ᠠ᠃      ᠯᠢᠦ ᠬᠠᠶ ᠴᠢᠤᠸᠠᠨ ᠢᠯᠡᠳᠬᠡᠯ ᠳᠡᠭᠡᠨ᠂ 2021 ᠣᠨ ᠳᠤ ᠨᠠᠶ᠋ᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠦᠨᠡᠨ ᠬᠦ ᠬᠤᠪᠢᠷᠠᠭᠤᠯᠵᠤ᠂ ᠪᠣᠬᠢᠷᠲᠤᠯ ᠥᠬᠡᠶ ᠣᠲᠣ ᠦᠶ᠎ᠡ ᠶᠢᠨ ᠠᠵᠤ ᠦᠶ᠋ᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ︔ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠠᠭᠤᠰᠤᠯᠴᠠᠭᠤᠯᠬᠤ ᠬᠡᠷᠡᠭᠲᠡᠢ︔ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠰᠠᠭᠤᠷᠢ ᠪᠣᠯᠭᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠡᠬᠡᠬᠡᠯᠳᠡ ᠬᠢᠵᠦ ᠬᠠᠮᠲᠤᠷᠠᠯᠴᠠᠬᠤ ᠰᠢᠨ᠎ᠡ ᠪᠠᠶᠢᠷᠢᠰᠢᠯ ᠢ ᠬᠦᠴᠦᠯᠡᠨ ᠴᠣᠭᠴᠠᠯᠠᠬᠤ ᠬᠡᠷᠡᠭᠲᠡᠢ︔ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠲᠤᠪᠤᠶᠢᠯᠭᠠᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠴᠢᠨᠠᠷ ᠰᠠᠶᠢᠲᠠᠢ ᠬᠥᠭᠵᠢᠭᠦᠯᠬᠦ ᠶᠢ ᠶᠡᠬᠡᠪᠡᠷ ᠠᠬᠢᠭᠤᠯᠤᠨ᠎ᠠ︔ ᠠᠷᠠᠳ ᠤᠨ ᠠᠮᠢᠳᠤᠷᠠᠯ ᠢ ᠦᠷᠭᠦᠯᠵᠢᠯᠡᠨ ᠬᠦᠴᠦᠯᠡᠨ ᠰᠠᠶᠢᠵᠢᠷᠠᠭᠤᠯᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ︔ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤᠳᠬᠠᠨ ᠪᠠᠬᠢᠵᠢᠭᠦᠯᠦᠨ᠎ᠡ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ   ᠴᠢᠩᠭᠠᠳᠬᠠᠨ᠎ᠠ ᠭᠡᠵᠡᠢ᠃      ᠯᠢᠦ ᠬᠠᠢ ᠴᠢᠤᠸᠠᠨ᠂ ᠪᠠᠶᠢᠯᠳᠤᠭᠠᠨ ᠤ ᠬᠡᠩᠭᠡᠷᠭᠡ ᠪᠠᠷ ᠮᠤᠷᠢᠨ ᠤ ᠲᠤᠭᠤᠷᠠᠢ ᠶᠢᠨ ᠬᠤᠷᠳᠤᠴᠠ ᠶᠢ ᠱᠠᠯᠠᠪᠳᠠᠭᠤᠯᠵᠤ᠂ ᠳᠠᠷᠪᠠᠭᠤᠯ ᠬᠡᠶᠢᠰᠬᠡᠨ ᠡᠷᠡᠯᠬᠡᠭᠯᠡᠨ ᠤᠷᠤᠭᠰᠢᠯᠠᠬᠤ ᠲᠤᠬᠠᠢ ᠶᠢᠨ ᠦᠶ᠎ᠡ ᠳᠤ ᠪᠤᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠵᠦᠢᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠦᠨᠡᠨ ᠪᠣᠳᠠᠲᠠᠶ ᠠᠳᠬᠤᠵᠤ᠂ ᠵᠣᠷᠢᠭᠲᠠᠶ ᠪᠠᠷ ᠠᠳᠬᠤᠵᠤ᠂ ᠪᠠᠶᠢᠩᠭᠤ ᠠᠳᠬᠤᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠥᠷᠨᠢᠭᠦᠨ ᠪᠠᠳᠠᠷᠠᠩᠭᠤᠶ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠳ᠋ᠠ ᠮᠤᠤ ᠶᠢ ᠪᠠᠶᠢᠭᠤᠯᠬᠤ ᠶᠢᠨ ᠲᠥᠯᠥᠭᠡ ᠰᠢᠨᠲᠠᠷᠠᠰᠢ ᠥᠬᠡᠶ ᠲᠡᠮᠡᠴᠡᠨ᠎ᠡ︕
     ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ  ᠶᠠᠪᠦᠳᠠᠯ ᠤᠨ ᠬᠤᠰᠢᠭᠤ ᠳᠡᠳ᠋ ᠬᠤᠰᠢᠭᠤᠨ  ᠱᠢ ᠵᠥᠩ ᠴᠢᠨ ︽2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶ᠋ᠯ ᠢ ᠬᠡᠷᠡᠭᠵᠢᠭᠦᠯᠦᠭᠰᠡᠨ ᠪᠠᠶᠢᠳᠠᠯ ᠪᠠ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠶ᠋ᠯ ᠤᠨ ᠪᠦᠷᠢᠯᠳᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠬᠢᠪᠠ      ᠬᠤᠷᠠᠯ ᠤᠨ ᠵᠥᠪᠯᠡᠬᠦ ᠵᠦᠢᠯ ᠢ ᠦᠨᠳᠦᠰᠦᠯᠡᠪᠡᠯ᠂ ᠶᠡᠭᠡ ᠬᠤᠷᠠᠯ ᠠᠴᠠ ᠬᠢᠨᠠᠨ ᠪᠠᠶᠢᠴᠠᠭᠠᠪᠠ︾ ᠭᠡᠵᠦ ᠬᠡᠯᠡᠪᠡ ᠃ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶ ︽ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠶ᠋ᠴᠡᠳᠬᠡᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾ ︽ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ 2020 ᠣᠨ ᠤ ᠲᠥᠰᠦᠪ ᠢ ᠭᠦᠶ᠋ᠴᠡᠳᠬᠡᠭᠰᠡᠨ ᠪᠠᠶᠢᠳᠠᠯ ᠪᠠ 2021 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ︾᠃      ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠪᠠ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠬᠤ ᠪᠦᠭᠦ ᠭᠡᠰᠢᠭᠦᠳ ᠭᠤᠣᠯ ᠬᠤᠷᠠᠯ ᠤᠨ ᠲᠠᠯᠠᠪᠠᠢ ᠪᠠ ᠬᠠᠷᠠᠭᠠᠨ ᠳᠠᠪᠲᠠᠮᠵᠢ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠰᠤᠯᠠ ᠣᠷᠣᠯᠴᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号