| ᠬᠠᠮᠲᠤ ᠶᠢᠨ ᠲᠠᠨᠢᠯᠲᠠ ᠨᠢᠭᠲᠠᠷᠠᠵᠤ᠂ ᠢᠲᠡᠭᠡᠯ ᠵᠣᠷᠢᠭ ᠣᠷᠭᠢᠯᠣᠨ ᠪᠠᠳᠠᠷᠠᠵᠤ ᠪᠠᠶᠢᠨ᠎ᠠ᠃ 3 ᠰᠠᠷ᠎ᠠ ᠶᠢᠨ | 7 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤ ᠶᠢᠨ ᠬᠤᠯᠪᠣᠭᠠᠲᠤ | ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠡᠯ᠎ᠡ ᠵᠥᠪᠯᠡᠬᠦ | ᠵᠦᠶ᠋ᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠠᠮᠵᠢᠯᠲᠠ ᠲᠠᠢ ᠲᠡᠭᠦᠰᠪᠡ᠃ ᠬᠤᠷᠠᠯ ᠠᠴᠠ᠂ ᠪᠦᠬᠦ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠯᠬᠦᠮᠳᠡᠨ ᠲᠡᠮᠡᠴᠡᠵᠦ᠂ ᠵᠠᠮ ᠨᠡᠭᠡᠭᠡᠨ | ᠤᠷᠤᠭᠰᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠷᠡᠯᠬᠡᠭᠯᠡᠨ ᠤᠷᠤᠭᠰᠢᠯᠠᠵᠤ᠂ | ᠳᠠᠷᠬᠠᠨ ᠮᠤᠤᠮᠢᠩᠭᠠᠨ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠰᠤᠭᠠᠢ ᠭᠡᠵᠦ ᠤᠷᠢᠶᠠᠯᠠᠪᠠ᠃ | 16 ᠴᠠᠭ 40 ᠮᠢᠨᠦ᠋ᠲ ᠲᠤ᠂ ᠲᠡᠭᠦᠰᠬᠦ ᠶᠡᠭᠡ ᠬᠤᠷᠠᠯ ᠡᠬᠢᠯᠡᠪᠡ᠃ ᠬᠤᠰᠢᠭᠤᠨ ᠨᠠᠮ ᠤᠨ ᠬᠤᠷᠢᠶ᠎ᠠ ᠶᠢᠨ | ᠱᠦᠵᠢ ᠰᠢᠤᠸᠠᠢ ᠰᠥᠩ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ | ᠴᠢᠤᠸᠠᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠬᠥᠩ ᠬᠤᠸᠠ ᠵᠢᠴᠢ ᠬᠤᠰᠢᠭᠤᠨ ᠳᠤ ᠰᠠᠭᠤᠭ᠎ᠠ ᠳᠡᠳ᠋ ᠰᠢᠶᠠᠨ ᠤ ᠱᠠᠲᠤᠨ ᠠᠴᠠ ᠳᠡᠭᠡᠭᠰᠢᠬᠢ | ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠵᠠᠶ᠃ | ᠬᠤᠰᠢᠭᠤᠨ ᠤ ᠤᠯᠤᠰ ᠳᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠤᠳᠦ᠂ ᠳᠠᠳ ᠲᠡᠷᠢᠭᠦᠯᠡᠭᠴᠢ | ᠰᠠᠷᠠᠩᠭᠤᠸ᠎ᠠ᠂ ᠡᠦ ᠼᠦᠨ ᠪᠦᠦ᠂ ᠯᠢ ᠸᠧᠶ᠂ ᠪᠠᠲᠤᠴᠢᠯᠠᠭᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ | ᠰᠠᠭᠠᠲᠠᠪᠠ᠃ | ᠰᠠᠷᠠᠩᠭᠤᠸ᠎ᠠ ᠬᠤᠷᠠᠯ ᠢ ᠡᠷᠬᠢᠯᠡᠪᠡ᠃ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 125 ᠬᠥᠮᠦᠨ᠂ | ᠪᠣᠳᠠᠲᠠᠶ ᠣᠷᠣᠯᠴᠠᠭᠰᠠᠨ ᠨᠢ 104 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠬᠤᠷᠠᠯ ᠠᠴᠠ ᠂ ᠤᠯᠤᠰ ᠲᠥᠷᠥ ᠶᠢᠨ ᠵᠥᠪᠯᠡᠯᠭᠡᠨ ᠤ ᠲᠠᠡᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ | ᠵᠥᠪᠯᠡᠯᠭᠡᠨ ᠤ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠶ᠋ᠳᠪᠦᠷᠢ ︵ᠲᠥᠰᠦᠯ︶︾ ︽ | ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠥᠷᠪᠡᠳᠦᠭᠡᠷ ᠬᠤᠷᠠᠯᠳᠤᠭᠠᠨ ᠠᠴᠠ ᠨᠠᠰᠢᠬᠢ ᠰᠠᠨᠠᠯ | ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠰᠢᠶ᠋ᠳᠪᠦᠷᠢ ︵ᠲᠥᠰᠦᠯ︶︾ ︽ᠤᠯᠤᠰ | ᠲᠥᠷᠥ ᠶᠢᠨ ᠵᠥᠪᠯᠡᠯᠭᠡᠨ ᠤ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠶ᠋ᠳᠪᠦᠷᠢ ︵ᠲᠥᠰᠦᠯ︶︾ | ︽ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤ ᠶᠢᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ | ᠪᠠᠶᠢᠳᠠᠯ ᠤᠨ ᠮᠡᠳᠡᠭᠦᠯᠦᠯᠲᠡ ︵ᠲᠥᠰᠦᠯ︶︾ ᠨᠢ ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠰᠢᠯᠢᠳᠡᠭ ᠰᠠᠨᠠᠯ ᠳᠤᠷᠠᠳᠤᠯᠭ᠎ᠠ᠂ ᠰᠢᠯᠢᠳᠡᠭ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠪᠠ | ᠰᠠᠨᠠᠯ ᠳᠤᠷᠠᠳᠤᠯᠭ᠎ᠠ ᠶᠢ ᠳᠠᠭᠠᠭᠠᠨ ᠭᠦᠶ᠋ᠴᠡᠳᠬᠡᠭᠰᠡᠨ ᠲᠡᠷᠢᠭᠦᠨ ᠤ ᠨᠢᠭᠡᠴᠡ ᠶᠢ ᠬᠥᠬᠢᠭᠦᠯᠦᠨ ᠰᠠᠶᠢᠰᠢᠶᠠᠪᠠ᠃ | | ᠰᠢᠤᠸᠠᠢ ᠰᠦᠩ ᠬᠤᠰᠢᠭᠤᠨ ᠤ ᠨᠠᠮ ᠤᠨ ᠬᠤᠷᠢᠶᠠᠨ ᠤ ᠡᠮᠦᠨ᠎ᠡ ᠠᠴᠠ ᠬᠤᠷᠠᠯ ᠤᠨ ᠲᠡᠭᠦᠰ ᠠᠮᠵᠢᠯᠲᠠ | ᠣᠯᠤᠭᠰᠠᠨ ᠳᠤ ᠬᠠᠯᠠᠭᠤᠨ ᠪᠠᠶᠠᠷ ᠬᠦᠷᠭᠡᠪᠡ᠃ ᠲᠡᠷᠡ ᠵᠢᠭᠠᠵᠤ ᠭᠠᠷᠭᠠᠭᠰᠠᠨ ᠨᠢ᠂ ᠬᠤᠷᠠᠯ ᠤᠨ ᠬᠤᠭᠤᠴᠠᠭᠠᠨ ᠳᠤ᠂ | ᠭᠡᠰᠢᠭᠦᠳ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠪᠦᠭᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠠ ᠵᠢᠷᠭᠠᠯ ᠤᠨ | ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠢᠳᠡᠪᠬᠢᠲᠡᠶ ᠪᠠᠷ ᠵᠠᠰᠠᠭ ᠤᠨ | ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠵᠦ᠂ ᠬᠥᠭᠵᠢᠯᠲᠡ ᠶᠢ ᠰᠡᠳᠬᠢᠯ ᠵᠢᠷᠦᠬᠡ ᠪᠠᠨ ᠬᠤᠯᠪᠣᠭᠰᠠᠨ | ᠂ ᠠᠷᠠᠳ ᠤᠨ ᠠᠮᠢᠳᠤᠷᠠᠯ ᠳᠤ ᠰᠡᠳᠬᠢᠯ ᠵᠢᠷᠦᠬᠡ ᠪᠠᠨ ᠬᠤᠯᠪᠣᠭᠰᠠᠨ ᠰᠢᠨ᠎ᠡ ᠴᠠᠭ ᠦᠶ᠎ᠡ ᠶᠢᠨ ᠭᠡᠰᠢᠭᠦᠳ ᠤᠨ ᠴᠤᠭ | ᠵᠢᠪᠬᠤᠭ᠎ᠠ ᠶᠢ ᠭᠦᠢᠴᠡᠳ ᠢᠯᠡᠷᠡᠭᠦᠯᠵᠦ᠂ ᠤᠯᠠᠨ ᠤ ᠰᠠᠨᠠᠯ ᠢ ᠠᠪᠴᠤ᠂ ᠬᠥᠭᠵᠢᠯᠲᠡ ᠶᠢ ᠬᠠᠮᠲᠤᠪᠠᠷ ᠡᠷᠢᠯᠬᠢᠯᠡᠭᠰᠡᠨ᠂ | ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠭᠰᠠᠨ ᠶᠡᠭᠡ ᠬᠤᠷᠠᠯ ᠪᠣᠯᠤᠨ᠎ᠠ᠃ | ᠰᠢᠤᠸᠠᠢ ᠰᠦᠩ᠂ ᠥᠩᠭᠡᠷᠡᠭᠰᠡᠨ ᠨᠢᠭᠡ ᠵᠢᠯ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ | ᠪᠦᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠶᠢᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢᠨ | ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠰᠢᠨ᠎ᠡ | ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠰᠦᠷᠦᠨ ᠡᠷᠡᠯᠬᠡᠭᠯᠡᠨ | ᠤᠷᠤᠭᠰᠢᠯᠠᠵᠤ᠂ ᠡᠯ᠎ᠡ ᠵᠦᠶ᠋ᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ᠡᠲᠡᠭᠡᠷ ᠠᠮᠵᠢᠯᠲᠠ ᠶᠢ | ᠣᠯᠤᠭᠰᠠᠨ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠲᠦᠰᠢᠭᠯᠡᠵᠦ᠂ ᠪᠥᠬᠦ ᠬᠤᠰᠢᠭᠤᠨ ᠤ ᠥᠷᠭᠡᠨ ᠣᠯᠠᠨ | ᠺᠠᠳ᠋ᠷ ᠪᠦᠯᠬᠦᠮᠳᠡᠨ ᠤᠷᠤᠭᠰᠢᠯᠠᠵᠤ᠂ ᠴᠢᠷᠮᠠᠶᠢᠨ ᠠᠵᠢᠯᠯᠠᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ | ᠪᠠᠶᠢᠭᠤᠯᠤᠯᠲᠠ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠣᠶᠤᠨ ᠤᠬᠠᠭᠠᠨ ᠪᠠ ᠬᠦᠴᠦᠨ | ᠴᠢᠳᠠᠯ ᠳᠤ ᠲᠦᠰᠢᠭᠯᠡᠭᠰᠡᠨ ᠶᠤᠮ᠃ | ᠰᠢᠤᠸᠠᠢ ᠰᠥᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠣᠶ ᠮᠥᠨ᠃ ᠬᠤᠰᠢᠭᠤᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠪᠣᠯᠤᠨ ᠡᠨᠡ ᠤᠳᠠᠭᠠᠨ ᠤ | ︽ᠬᠤᠶᠠᠷ ᠬᠤᠷᠠᠯ︾ ᠨᠢ ᠪᠦᠭᠦ ᠬᠤᠲᠠ ᠶᠢᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠨᠡᠮᠡᠭᠳᠡᠯ ᠤᠨ ᠲᠦᠢᠯ᠂ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠢᠨ᠎ᠡ ᠬᠡᠪ ᠳᠠᠭᠤᠷᠢᠶᠠᠯ᠂ ᠦᠵᠡᠰᠬᠦᠯᠡᠩᠲᠦ ᠰᠠᠶᠢᠬᠠᠨ | ᠣᠷᠣᠰᠢᠨ ᠰᠠᠭᠤᠬᠤ ᠳᠤ ᠲᠣᠬᠢᠷᠠᠮᠵᠢᠲᠠᠶ ᠠᠷᠤ ᠲᠠᠯ᠎ᠠ ᠶᠢᠨ ᠴᠡᠴᠡᠷᠯᠢᠭ ᠪᠣᠯᠤᠨ ᠵᠣᠯ ᠵᠢᠷᠭᠠᠯᠲᠤ ᠠᠮᠤᠷ ᠠᠮᠤᠭᠤᠯᠠᠩ | ᠤᠮᠠᠷᠠᠲᠤ ᠶᠢᠨ ᠴᠠᠭᠠᠨ ᠬᠡᠷᠡᠮ ᠢ ᠪᠦᠲᠣᠭᠠ ᠪᠠᠶᠢᠭᠤᠯᠵᠤ᠂ ︽ᠳᠦᠷᠪᠠ ᠰᠠᠭᠤᠷᠢᠨ ᠭᠠᠵᠠᠷ ᠬᠤᠶᠠᠷ ᠲᠥᠪ ᠨᠢᠭᠡ | ᠥᠨᠳᠥᠷ ᠭᠠᠵᠠᠷ ᠨᠢᠭᠡ ᠰᠢᠰᠲ᠋ᠧᠮ︾ ᠢ ᠪᠦᠲᠣᠭᠠ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠳᠣᠷᠬᠠᠶ | ᠲᠣᠭᠲᠠᠭᠠᠵᠠᠶ᠃ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠬᠤᠰᠢᠭᠤᠨ ᠤ ᠤᠯᠤᠰ ᠲᠦᠷᠦ ᠶᠢᠨ | ᠵᠥᠪᠯᠡᠯᠭᠡᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠢᠴᠠᠭ᠎ᠠ ᠪᠠᠨ ᠨᠡᠩ ᠰᠠᠶᠢᠲᠤᠷ | ᠵᠣᠬᠢᠴᠠᠭᠤᠯᠵᠤ᠂ ᠬᠦᠴᠦᠨ ᠴᠢᠳᠠᠯ ᠢᠶᠠᠨ ᠬᠤᠷᠠᠮᠳᠤᠭᠤᠯᠤᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠵᠤ᠂ ᠶᠡᠭᠡ ᠲᠠᠯ᠎ᠠ ᠳᠤ ᠦᠢᠯᠡᠴᠢᠯᠡᠵᠦ᠂ ᠬᠦᠴᠦ ᠪᠠᠨ ᠬᠠᠮᠲᠤᠳᠬᠠᠨ ᠳ᠋ᠠ ᠮᠤᠤ ᠶᠢᠨ ᠬᠥᠭᠵᠢᠯᠲᠡ ᠶᠢᠨ ᠰᠢᠨ᠎ᠡ | ᠪᠠᠶᠢᠳᠠᠯ ᠢ ᠡᠭᠦᠳᠬᠦ ᠶᠢ ᠬᠦᠰᠡᠵᠦ ᠪᠠᠶᠢᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠪ ᠤᠯᠤᠰ | ᠲᠦᠷᠦ ᠶᠢᠨ ᠴᠢᠭᠯᠡᠯ ᠢ ᠪᠠᠲᠤᠳᠬᠠᠬᠤ ᠬᠡᠷᠡᠭᠲᠡᠢ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨᠵᠢ | ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ | ᠤᠯᠤᠰ ᠲᠥᠷᠥ ᠶᠢᠨ ᠵᠥᠪᠯᠡᠯᠭᠡᠨ ᠤ ᠪᠥᠬᠦ ᠠᠵᠢᠯ ᠳᠤ ᠲᠤᠤᠱᠯᠠᠭᠤᠯᠤᠨ᠂ ᠲᠥᠪ ᠬᠤᠷᠢᠶ᠎ᠠ ᠶᠢᠨ ᠰᠢᠶ᠋ᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠶᠢᠨ ᠲᠣᠭᠤᠷᠢᠨ ᠳᠤ ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ | ᠦᠢᠯᠡᠴᠢᠯᠡᠬᠦ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠥᠬᠡᠶ | ᠲᠤᠤᠱᠯᠠᠭᠤᠯᠵᠤ᠂ ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢ ᠳᠣᠪᠤᠶᠢᠯᠭᠠᠨ᠂ ᠳᠠᠯᠳᠠ | ᠬᠦᠴᠦᠨ ᠢ ᠭᠦᠶ᠋ᠴᠡᠳ ᠠᠭᠤᠳᠠᠯᠵᠤ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ ᠪᠥᠬᠦ ᠵᠢᠯ ᠤᠨ ᠬᠠᠷᠠᠯᠲᠠ | ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ᠪᠦᠯᠬᠦᠮᠳᠡᠯ ᠲᠠᠢ ᠠᠷᠠᠳᠴᠢᠯᠠᠯ ᠢ | ᠪᠠᠷᠢᠮᠲᠠᠯᠠᠵᠤ᠂ ᠬᠥᠮᠦᠨ ᠤ ᠰᠡᠳᠬᠢᠯ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠶ᠃ ᠪᠠᠭᠲᠠᠭᠠᠮᠵᠢᠲᠤ | ᠴᠢᠨᠠᠷ ᠢ ᠤᠯᠠᠮ ᠨᠢᠭᠡ ᠠᠯᠬᠤᠮ ᠥᠷᠭᠡᠳᠬᠡᠵᠦ᠂ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠲᠠᠷᠠᠯ ᠤᠨ | ᠬᠦᠴᠦᠨ ᠢ ᠴᠢᠩᠭᠠᠷᠠᠭᠤᠯᠵᠤ᠂ ᠨᠡᠩ ᠡᠶ᠎ᠡ ᠵᠣᠬᠢᠴᠠᠯ ᠲᠠᠢ ᠲᠦᠷᠦ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ | ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ ᠶᠢ ᠢᠳᠡᠪᠬᠢᠲᠡᠶ ᠪᠠᠷ ᠪᠠᠶᠢᠭᠤᠯᠵᠤ | ᠂ ᠬᠠᠮᠤᠭ ᠤᠨ ᠶᠡᠭᠡ ᠶᠡᠷᠦᠩᠬᠡᠶ ᠬᠤᠷᠢᠶᠠᠭᠴᠢ ᠲᠤᠭ᠎ᠠ ᠶᠢ ᠪᠤᠢ ᠪᠣᠯᠭᠠᠵᠤ᠂ ᠬᠠᠮᠤᠭ ᠤᠨ ᠶᠡᠭᠡ ᠢᠵᠢᠯ ᠲᠥᠪᠲᠦ | ᠲᠣᠭᠤᠷᠢᠭ ᠢ ᠵᠢᠷᠤᠵᠤ ᠭᠠᠷᠭᠠᠨ᠎ᠠ᠃ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃ ᠤᠯᠠᠨ ᠲᠦᠮᠡᠨ ᠤ | ᠰᠡᠳᠬᠢᠯ ᠤᠨ ᠳᠠᠭᠤᠨ ᠢ ᠳᠠᠮᠵᠢᠭᠤᠯᠵᠤ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ | ᠡᠮ ᠡᠮᠨᠡᠯᠭᠡ᠂ ᠠᠵᠢᠯ ᠣᠯᠭᠤᠯᠲᠠ ᠵᠡᠷᠭᠡ ᠭᠤᠣᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ᠂ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ | ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠥᠪᠡᠷ ᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠭᠡᠰᠢᠭᠦᠳ ᠤᠨ ᠲᠤᠰ | ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠠᠵᠢᠯ ᠤᠨ ᠳᠤᠮᠳᠠ ᠪᠠᠨ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠬᠡᠪ ᠴᠢᠨᠠᠷ | ᠴᠢᠳᠠᠪᠤᠷᠢ ᠪᠠᠨ ᠳᠡᠭᠡᠭᠰᠢᠯᠡᠭᠦᠯᠵᠦ᠂ ᠶᠣᠰᠣ ᠰᠤᠷᠲᠠᠬᠤᠨ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠢᠱᠢᠶᠡᠴᠢ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ | | ᠰᠤᠳᠦ ᠶᠠᠷᠢᠶᠠᠨ ᠳᠠᠭᠠᠨ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠳ᠋ᠠᠮᠤ᠋ ᠶᠢ ᠡᠬᠢᠯᠡᠭᠦᠯᠬᠦ ᠡᠬᠢᠯᠡᠯᠲᠡ ᠶᠢᠨ ᠵᠢᠯ ᠪᠣᠯᠤᠨ᠎ᠠ᠃ ᠪᠢᠳᠡ ︽ᠦᠬᠡᠷ ᠮᠡᠲᠦ᠂ | ᠠᠲᠠᠷ ᠬᠠᠭᠠᠯᠪᠤᠷᠢᠯᠠᠬᠤ ᠦᠬᠡᠷ᠂ ᠠᠷᠠᠯ ᠤᠨ ᠱᠠᠷ︾ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ | ᠤᠬᠠᠮᠰᠠᠷ ᠠᠴᠠ ᠪᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠲᠠᠢ ᠬᠠᠮᠲᠤ ᠪᠠᠷ | ᠤᠷᠤᠭᠰᠢᠯᠠᠵᠤ᠂ ᠬᠠᠮᠲᠤ ᠪᠠᠷ ᠠᠤᠭ᠎ᠠ ᠵᠢᠷᠤᠭ ᠲᠥᠰᠦᠪ ᠢ ᠠᠮᠢᠳᠤᠯᠢᠭ ᠪᠣᠳᠠᠲᠤ ᠠᠬᠤᠶ ᠪᠣᠯᠭᠠᠨ ᠬᠤᠪᠢᠷᠠᠭᠤᠯᠬᠤ | ᠬᠡᠷᠡᠭᠲᠡᠶ ᠭᠡᠵᠦ ᠵᠢᠭᠠᠵᠤ ᠭᠠᠷᠭᠠᠵᠠᠶ᠃ ᠪᠢᠳᠡ ︽ᠦᠬᠡᠷ ᠮᠡᠲᠦ᠂ ᠠᠲᠠᠷ ᠬᠠᠭᠠᠯᠪᠤᠷᠢᠯᠠᠬᠤ ᠦᠬᠡᠷ᠂ ᠠᠷᠠᠯ ᠤᠨ ᠱᠠᠷ︾ | ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ ᠬᠠᠮᠲᠤ ᠪᠠᠷ ᠠᠤᠭ᠎ᠠ ᠶᠡᠭᠡ ᠵᠢᠷᠤᠭ ᠲᠥᠰᠦᠪ ᠢ ᠠᠮᠢᠳᠤᠯᠢᠭ | ᠪᠣᠳᠠᠲᠤ ᠠᠬᠤᠶ ᠪᠣᠯᠭᠠᠨ ᠬᠤᠪᠢᠷᠠᠭᠤᠯᠬᠤ ᠬᠡᠷᠡᠭᠲᠡᠶ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠵᠦ᠂ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠨ ᠰᠢᠨ᠎ᠡ ᠴᠠᠭ | ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠭᠤᠣᠯ ᠠᠵᠢᠯ ᠤᠨ | ᠲᠠᠯ᠎ᠠ ᠪᠠᠷ ᠵᠥᠪᠳᠡᠯᠴᠡᠨ ᠰᠠᠨᠠᠯ ᠵᠥᠪᠯᠡᠯᠭᠡ ᠳᠤᠷᠠᠳᠴᠤ᠂ ᠰᠢᠨ᠎ᠡ ᠬᠥᠭᠵᠢᠯᠲᠡ ᠶᠢᠨ ᠱᠠᠲᠤ ᠦᠶ᠎ᠡ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠭᠦᠨ ᠠᠭᠤᠯᠤᠭᠳᠠᠬᠤᠨ ᠪᠠ | ᠭᠤᠣᠯ ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠮᠠᠨ ᠤ | ᠬᠤᠰᠢᠭᠤᠨ ᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠤᠯᠤᠰ ᠲᠦᠷᠦ ᠶᠢᠨ ᠵᠥᠪᠯᠡᠯᠭᠡᠨ ᠤ | ᠬᠦᠴᠦᠨ ᠴᠢᠳᠠᠯ ᠢ ᠨᠡᠮᠡᠷᠢᠯᠡᠬᠦ ᠬᠡᠷᠡᠭᠲᠡᠶ᠃ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ | ᠪᠠᠳᠠᠷᠠᠭᠤᠯᠵᠤ᠂ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠢ ᠲᠠᠰᠤᠷᠠᠯᠳᠠ ᠦᠭᠡᠢ ᠵᠡᠪᠰᠡᠭᠯᠡᠵᠦ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ | ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ | ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠪᠠ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠦᠯᠬᠦᠮᠳᠡᠨ ᠲᠡᠮᠡᠴᠡᠬᠦ ᠵᠥᠪ ᠴᠢᠳᠠᠪᠤᠷᠢ ᠶᠢ | ᠥᠷᠭᠡᠨ ᠢᠶᠠᠷ ᠨᠢᠭᠲᠠᠷᠠᠭᠤᠯᠬᠤ ᠬᠡᠷᠡᠭᠲᠡᠶ᠃ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠷᠢᠮ ᠪᠣᠯᠤᠨ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠣᠷᠣᠯᠴᠠᠭᠴᠢ᠂ ᠦᠢᠯᠡᠳᠦᠯᠭᠡᠵᠢᠭᠦᠯᠦᠭᠴᠢ᠂ ᠠᠬᠢᠭᠤᠯᠤᠭᠴᠢ | ᠪᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠳᠤᠮᠳᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠥᠪᠡᠷᠮᠢᠴᠡ ᠳᠠᠪᠠᠭᠤᠯᠢᠭ ᠢ ᠢᠯᠡᠷᠡᠭᠦᠯᠬᠦ | ᠬᠡᠷᠡᠭᠲᠡᠢ᠃ | | | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃ | | |