ᠥᠨᠥᠳᠦᠷ᠂ ᠬᠠᠮᠤᠭ ᠤᠨ ᠭᠤᠶᠣ ᠲᠡᠳᠡᠨ ᠳᠤ ᠬᠦᠨᠳᠦᠳᠬᠡᠯ ᠳᠡᠪᠰᠢᠭᠦᠯᠦᠶ᠎ᠡ︕
ᠨᠡᠶᠢᠲᠡᠯᠡᠭᠰᠡᠨ ᠴᠠᠭ᠄
2021/3/9
      ︽3.8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠳᠠᠷᠬᠠᠨ ᠮᠤᠤᠮᠢᠩᠭᠠᠨ ᠬᠤᠰᠢᠭᠤ ︽3.8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ 111 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠵᠢᠴᠢ ᠡᠮᠡᠭᠲᠡᠶᠢᠴᠦᠳ ᠤᠨ ᠴᠤᠭ ᠵᠢᠪᠬᠤᠭ᠎ᠠ ᠲᠠᠢ ᠥᠯᠢᠭᠡᠷ ᠢ ᠶᠠᠷᠢᠬᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠪᠡᠯᠡᠭ ᠬᠦᠷᠭᠡᠬᠦ ᠠᠵᠢᠯᠯᠠᠭ᠎ᠠ ᠥᠷᠨᠢᠭᠦᠯᠪᠡ᠃  ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ 111 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠵᠢᠴᠢ ᠡᠮᠡᠭᠲᠡᠶᠢᠴᠦᠳ ᠤᠨ ᠴᠤᠭ ᠵᠢᠪᠬᠤᠭ᠎ᠠ ᠲᠠᠢ ᠥᠯᠢᠭᠡᠷ ᠢ ᠶᠠᠷᠢᠬᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠪᠡᠯᠡᠭ ᠬᠦᠷᠭᠡᠬᠦ ᠠᠵᠢᠯᠯᠠᠭ᠎ᠠ ᠶᠢ ᠥᠷᠨᠢᠭᠦᠯᠪᠡ᠃
      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠪᠠ      ᠬᠤᠷᠠᠯ ᠳᠡᠭᠡᠷ᠎ᠡ᠂ ︽3 · 8︾ ᠤ ᠤᠯᠠᠭᠠᠨ ᠲᠤᠭ ᠤᠨ ᠬᠠᠮᠲᠤ ᠨᠡᠶᠢᠲᠡ︾᠂ ︽ᠡᠮᠡᠭᠲᠡᠢᠴᠦᠳ ᠤᠨ ᠪᠣᠯᠪᠠᠰᠤᠨ ᠠᠵᠢᠯ ᠤᠨ ᠪᠠᠶᠢᠷᠢ︾᠂ ︽3 · 8 ᠤ ᠤᠯᠠᠭᠠᠨ ᠲᠤᠭᠴᠢ︾᠂ ︽ᠡᠮᠡᠭᠲᠡᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾᠂ ︽ᠬᠠᠮᠤᠭ ᠤᠨ ᠭᠤᠶᠤ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢ︾᠂ ︽ᠬᠠᠮᠤᠭ ᠤᠨ ᠭᠤᠶᠤ ᠭᠡᠷ ᠪᠦᠯᠢ︾᠂ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢᠨ ᠵᠢᠱᠢᠶ᠎ᠡ  ᠦᠵᠡᠭᠦᠯᠬᠦ ᠡᠷᠦᠬᠡ ᠶᠢᠨ ᠢᠷᠠᠭᠤ ᠠᠯᠳᠠᠷ ᠤᠨ ᠴᠣᠯᠠ ᠬᠦᠷᠳᠡᠭᠰᠡᠳ ᠤᠨ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠵᠠᠢ᠃
      ᠢᠷᠠᠭᠤ ᠠᠯᠳᠠᠷ ᠤᠨ ᠴᠣᠯᠠ ᠣᠯᠤᠭᠰᠠᠨ ᠲᠥᠯᠥᠭᠡᠯᠡᠭᠴᠢ ᠳᠤ ᠦᠨᠡᠮᠯᠡᠯ ᠣᠯᠭᠤᠨ᠎ᠠ      ᠡᠯ᠎ᠡ ᠠᠵᠢᠯ ᠲᠦᠷᠦᠯ ᠠᠴᠠ ᠢᠷᠡᠭᠰᠡᠨ ᠰᠢᠯᠢᠳᠡᠭ ᠡᠮᠡᠭᠲᠡᠢ ᠲᠥᠯᠥᠭᠡᠯᠡᠭᠴᠢ ᠬᠤᠷᠠᠯ ᠳᠡᠭᠡᠷ᠎ᠡ ᠥᠪᠡᠷ ᠤᠨ ᠦᠯᠢᠭᠡᠷ ᠢᠶᠠᠨ ᠶᠠᠷᠢᠵᠤ᠂ ᠥᠪᠡᠷ ᠤᠨ ᠲᠤᠬᠠᠶᠢᠯᠠᠭᠰᠠᠨ ᠠᠵᠢᠯ ᠪᠠ ᠠᠮᠢᠳᠤᠷᠠᠯ ᠠᠴᠠ ᠪᠠᠨ ᠡᠭᠦᠰᠴᠦ᠂ ᠥᠪᠡᠷ ᠤᠨ ᠠᠮᠢᠳᠤᠷᠠᠯ ᠤᠨ ᠳᠤᠮᠳᠠᠬᠢ ᠣᠯᠤᠯᠲᠠ ᠪᠠ ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠵᠠᠢ᠃ ᠲᠠᠳᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶ᠋ᠳᠪᠦᠷᠢᠯᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠭᠤᠤᠯ ᠲᠡᠶᠢᠨ ᠤ ᠲᠠᠯᠠᠪᠤᠷ ᠲᠤ ᠡᠮᠡᠭᠲᠡᠶᠢᠴᠦᠳ ᠤᠨ ᠬᠠᠶᠢᠷ᠎ᠠ ᠰᠡᠳᠬᠢᠯᠭᠡ ᠪᠠ ᠡᠭᠦᠷᠭᠡᠯᠡᠯ ᠢ ᠭᠡᠷᠡᠴᠢᠯᠡᠵᠦ᠂ ᠡᠮᠡᠭᠲᠡᠶᠢᠴᠦᠳ ᠤᠨ ᠣᠶᠤᠨ ᠤᠬᠠᠭᠠᠨ ᠪᠠ ᠡᠭᠦᠳᠦᠨ ᠪᠦᠲᠦᠭᠡᠯᠲᠡ ᠶᠢ ᠭᠢᠯᠠᠯᠵᠠᠭᠤᠯᠵᠤ᠂ ᠣᠲᠣ ᠦᠶ᠎ᠡ ᠶᠢᠨ ᠡᠮᠡᠭᠲᠡᠶᠢᠴᠦᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠡᠷᠡᠰ ᠪᠠᠲᠤ ᠢᠲᠡᠭᠡᠯ ᠵᠣᠷᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠲᠡᠮᠡᠴᠡᠯ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃
      ᠡᠯ᠎ᠡ ᠠᠵᠢᠯ ᠲᠥᠷᠥᠯ ᠠᠴᠠ ᠢᠷᠡᠭᠰᠡᠨ ᠡᠮᠡᠭᠲᠡᠶ ᠲᠥᠯᠥᠭᠡᠯᠡᠭᠴᠢ ᠦᠭᠡ ᠬᠡᠯᠡᠪᠡ      ᠡᠮᠡᠭᠲᠡᠶᠢᠴᠦᠳ ᠴᠡᠴᠡᠭ ᠮᠡᠲᠦ ᠳᠡᠯᠭᠡᠷᠡᠵᠦ᠂ ᠰᠢᠨ᠎ᠡ ᠴᠠᠭ ᠦᠶ᠎ᠡ ᠳᠤ ᠬᠥᠭᠵᠢᠨ ᠴᠡᠴᠡᠭᠯᠡᠨ᠎ᠡ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠮᠥᠨ ᠴᠦ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠮᠥᠨ᠂ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠡᠯ᠎ᠡ ᠱᠠᠲᠤᠨ ᠤ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠨᠤᠭᠤᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠡᠮᠡᠭᠲᠡᠶᠢᠴᠦᠳ ᠤᠨ ᠵᠣᠷᠢᠭ ᠰᠠᠨᠠᠭ᠎ᠠ ᠶᠢ ᠬᠥᠭᠵᠢᠭᠡᠨ ᠪᠠᠳᠠᠷᠠᠭᠤᠯᠵᠤ᠂ ᠡᠮᠡᠭᠲᠡᠶᠢᠴᠦᠳ ᠤᠨ ᠬᠦᠴᠦᠨ ᠴᠢᠳᠠᠯ ᠢ ᠬᠤᠷᠠᠮᠳᠤᠭᠤᠯᠤᠨ᠂ ᠳᠠᠬᠢᠨᠲᠠ ᠡᠮᠡᠭᠲᠡᠶᠢᠴᠦᠳ ᠤᠨ ᠭᠠᠪᠢᠶ᠎ᠠ ᠪᠠᠶᠢᠭᠤᠯᠵᠤ᠂ ᠪᠥᠬᠦ ᠬᠤᠰᠢᠭᠤᠨ ᠤ ᠡᠮᠡᠭᠲᠡᠶᠢᠴᠦᠳ ᠤᠨ ᠦᠶ᠋ᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠨ ᠨᠡᠭᠡᠭᠡᠵᠦ᠂ ᠨᠠᠩ ᠥᠨᠳᠥᠷ ᠬᠢᠷᠢ ᠲᠦᠪᠰᠢᠨ ᠪᠥᠬᠦᠶ ᠠᠮᠢ ᠠᠬᠤᠶ ᠶᠢᠨ ᠪᠣᠯᠪᠠᠰᠤᠨ᠂ ᠴᠡᠴᠡᠭᠯᠡᠨ ᠬᠥᠭᠵᠢᠭᠰᠡᠨ ᠡᠶ᠎ᠡ ᠵᠣᠬᠢᠴᠠᠯ ᠲᠠᠢ ᠰᠢᠨ᠎ᠡ ᠳ᠋ᠠ ᠮᠤᠤ ᠶᠢ ᠲᠦᠷᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号