ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠬᠥᠩ ᠰᠢ ᠯᠢᠶᠠᠩ
ᠨᠡᠶᠢᠲᠡᠯᠡᠭᠰᠡᠨ ᠴᠠᠭ᠄
2021/4/13
     ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠬᠤᠰᠢᠭᠤᠨ ᠳᠠᠷᠤᠭ᠎ᠠ ᠶᠢ ᠬᠠᠪᠰᠤᠷᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠬᠠᠮᠢᠶᠠᠷᠤᠯᠲᠠ ᠶᠢᠨ ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃       ᠱᠢ ᠵᠥᠩ ᠴᠢᠨ ᠳᠡᠳ᠋ ᠬᠤᠰᠢᠭᠤᠨ ᠳᠠᠷᠤᠭ᠎ᠠ ᠶᠢ ᠬᠠᠪᠰᠤᠷᠤᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠶ᠋ᠯᠡᠳᠪᠦᠷᠢ᠂ ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠲᠤᠭ᠎ᠠ ᠪᠦᠷᠢᠳᠬᠡᠯ᠂ ᠵᠠᠮ ᠬᠠᠷᠢᠯᠴᠠᠭ᠎ᠠ ᠲᠡᠭᠡᠭᠡᠪᠦᠷᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠵᠡᠷᠭᠡ ᠲᠠᠯ᠎ᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠶ᠋ᠴᠡᠳᠬᠡᠨ᠎ᠡ᠃       ᠲᠣᠪᠴᠢ ᠨᠠᠮᠲᠠᠷ      ᠬᠥᠩ ᠰᠢ ᠯᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1974 ᠣᠨ ᠤ 9 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠮᠠᠰᠲ᠋ᠧᠷ᠂ 2009 ᠣᠨ ᠤ 12 ᠰᠠᠷ᠎ᠠ ᠳᠤ ᠴᠠᠩ ᠠᠨ ᠶᠡᠭᠡ ᠰᠤᠷᠭᠠᠭᠤᠯᠢ ᠶᠢᠨ ᠵᠠᠰᠠᠮᠠᠯ ᠵᠠᠮ ᠤᠨ ᠳᠡᠭᠡᠳᠦ ᠰᠤᠷᠭᠠᠭᠤᠯᠢ ᠶᠢᠨ ᠵᠠᠮ ᠲᠡᠭᠡᠭᠡᠪᠦᠷᠢ ᠶᠢᠨ ᠢᠨᠵᠧᠨᠧᠷᠢᠩ ᠤᠨ ᠲᠤᠰᠬᠠᠶ ᠮᠡᠷᠭᠡᠵᠢᠯ ᠠᠴᠠ ᠲᠡᠭᠦᠰᠴᠦ᠂ 1996 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1997 ᠣᠨ ᠤ 7 ᠰᠠᠷ᠎ᠠ ᠳᠤ ᠠᠵᠢᠯ ᠳᠤ ᠣᠷᠣᠵᠤ᠂ ᠣᠲᠣ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠪᠡ᠃      ᠠᠵᠢᠯ ᠤᠨ ᠲᠣᠪᠴᠢ ᠨᠠᠮᠲᠠᠷ      1993.09 — 1997.07 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ      1997.07 — 1998.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠤᠨ ᠬᠤᠰᠢᠭᠤᠨ ᠤ ᠶᠠᠳᠦ᠋ᠩ ᠪᠠᠯᠭᠠᠰᠤᠨ ᠤ ᠵᠠᠰᠠᠭ ᠤᠨ ᠣᠷᠳᠣᠨ ᠤ ᠨᠠᠷᠢᠨ ᠪᠢᠴᠢᠭᠡᠴᠢ      1998.10 — 1999.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ      1999.11 — 2002.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠤᠨ ᠬᠤᠰᠢᠭᠤᠨ ᠤ ᠲᠠᠶᠢᠫᠢᠩ ᠵᠢᠢ ᠪᠠᠯᠭᠠᠰᠤᠨ ᠤ ᠵᠠᠰᠠᠭ ᠤᠨ ᠣᠷᠳᠣᠨ ᠤ ᠣᠷᠣᠯᠠᠭᠴᠢ ᠳᠡᠳ᠋ ᠳᠠᠷᠤᠭ᠎ᠠ ᠪᠠᠯᠭᠠᠰᠤᠨ ᠳᠠᠷᠤᠭ᠎ᠠ ︵ᠡᠨᠡ ᠬᠤᠭᠤᠴᠠᠭᠠᠨ ᠳᠤ᠄ 200010 — 200012 ᠳ᠋ᠠᠯᠢᠶᠠᠨ ᠤ ᠨᠡᠭᠡᠭᠡᠨ ᠬᠥᠭᠵᠢᠭᠦᠯᠦᠯᠲᠡ ᠶᠢᠨ ᠣᠷᠣᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠤᠨ᠎ᠠ︶       2002.11 — 2005.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠤᠨ ᠬᠤᠰᠢᠭᠤᠨ ᠤ ᠡᠪᠯᠡᠯ ᠤᠨ  ᠬᠤᠷᠢᠶ᠎ᠠ ᠶᠢᠨ ᠱᠦᠵᠢ      2005.10 — 2007.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠤᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ      2007.11 — 2011.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ  ᠶᠢᠨ ᠡᠷᠬᠢᠯᠡᠭᠴᠢ ᠶᠢᠨ ᠰᠠᠯᠠᠭ᠎ᠠ ᠠᠵᠢᠯᠲᠠᠨ᠂ ᠲᠢᠩᠬᠢᠮ ᠡᠪᠯᠡᠯ ᠤᠨ ᠬᠤᠷᠢᠶᠠᠨ ᠤ ᠱᠦᠵᠢ ︵ᠲᠣᠰ ᠬᠤᠭᠤᠴᠠᠭᠠᠨ ᠳᠤ᠄ 2006.03 — 2009.12 ᠴᠠᠩ ᠠᠨ ᠶᠡᠭᠡ ᠰᠤᠷᠭᠠᠭᠤᠯᠢ ᠶᠢᠨ ᠵᠠᠰᠠᠮᠠᠯ ᠵᠠᠮ ᠤᠨ ᠳᠡᠭᠡᠳᠦ ᠰᠤᠷᠭᠠᠭᠤᠯᠢ ᠶᠢᠨ ᠵᠠᠮ ᠲᠡᠭᠡᠭᠡᠪᠦᠷᠢ ᠶᠢᠨ ᠢᠨᠵᠧᠨᠧᠷᠢᠩ ᠳᠤ ᠰᠤᠷᠤᠯᠴᠠᠵᠤ᠂ ᠢᠨᠵᠧᠨᠧᠷᠢᠩ ᠤᠨ ᠮᠠᠰᠲ᠋ᠧᠷ ᠴᠣᠯᠠ ᠬᠠᠮᠠᠭᠠᠯᠠᠪᠠ︶       2011.07 — 2015.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ  ᠬᠤᠷᠢᠶ᠎ᠠ ᠶᠢᠨ ᠳᠡᠳ᠋ ᠪᠠᠶᠢᠴᠠᠭᠠᠨ ᠰᠤᠳᠤᠯᠤᠯᠲᠠ ᠠᠵᠢᠯᠲᠠᠨ᠂ ᠲᠢᠩᠬᠢᠮ ᠡᠪᠯᠡᠯ ᠤᠨ ᠬᠤᠷᠢᠶ᠎ᠠ ᠶᠢᠨ ᠱᠦᠵᠢ ︵ᠡᠨᠡ ᠬᠤᠭᠤᠴᠠᠭᠠᠨ ᠳᠤ᠄ 2014.05 — 2014.06 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠰᠢᠨ᠎ᠡ ᠪᠠᠷ ᠲᠣᠮᠢᠯᠠᠭᠳᠠᠭᠰᠠᠨ ᠭᠠᠵᠠᠷ ᠤᠨ ᠠᠯᠪᠠᠲᠠᠨ ᠤ ᠪᠣᠯᠪᠠᠰᠤᠷᠠᠯ ᠤᠨ ᠠᠩᠭᠢ ᠳᠤ ᠰᠤᠷᠤᠯᠴᠠᠪᠠ︶       2015.11 — 2019.02 ᠥᠪᠥᠷ ᠮᠣᠩᠭᠤᠯ ᠤᠨ ᠳᠡᠭᠡᠳᠦ ᠲᠡᠰ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠪᠯᠡᠯ ᠤᠨ ᠬᠤᠷᠢᠶᠠᠨ ᠤ ᠱᠦᠵᠢ      2019.02 — ᠥᠪᠥᠷ ᠮᠣᠩᠭᠤᠯ ᠤᠨ ᠳᠡᠭᠡᠳᠦ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠭᠤᠲᠤ ᠶᠢᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ ᠪᠥᠭᠡᠳ ᠳᠡᠳ᠋ ᠳᠠᠭᠠᠭᠠᠮᠠᠯ ︵2020.06 ᠳᠠᠷᠬᠠᠨ ᠮᠤᠤᠮᠢᠩᠭᠠᠨ ᠬᠤᠰᠢᠭᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠪᠡ︶
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号