ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠶᠠᠨᠤᠪᠤᠭ᠎ᠠ ᠰᠤᠮᠤ ᠶᠢᠨ | ᠡᠯ᠎ᠡ ᠨᠠᠮ ᠤᠨ ᠡᠭᠦᠷ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠨᠥᠬᠦᠳ ᠤᠨ ᠬᠤᠰᠢᠭᠤᠴᠢ ᠵᠢᠱᠢᠶᠡᠴᠢ ᠶᠢᠨ | ᠦᠢᠯᠡᠳᠦᠯ ᠢ ᠦᠨᠡᠨᠬᠦ ᠪᠠᠳᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃ | ᠪᠠᠶᠠᠨᠪᠤᠯᠠᠭ ᠭᠠᠴᠠᠭ᠎ᠠ ᠶᠢᠨ ᠮᠠᠯᠴᠢᠨ ᠯᠢᠦ ᠴᠠᠩ ᠮᠢᠩ ᠪᠠᠶ᠋ᠬᠤᠪᠤᠭ᠎ᠠ ᠠᠭᠤᠷᠬᠠᠢ ᠶᠢᠨ ᠣᠷᠣᠨ ᠳᠤ | ᠰᠠᠭᠤᠷᠢᠰᠢᠵᠤ᠂ ᠳᠠᠯᠠᠨ ᠨᠠᠰᠤᠲᠠᠢ ᠡᠵᠢ ᠲᠠᠢ ᠪᠠᠨ ᠬᠠᠮᠲᠤ ᠠᠮᠢᠳᠤᠷᠠᠵᠤ᠂ ᠠᠷᠰᠠᠷ ᠠᠵᠢᠯ ᠬᠢᠵᠦ ᠠᠮᠢᠳᠤᠷᠠᠯ ᠢᠶᠠᠨ | ᠠᠷᠭᠠᠴᠠᠵᠤ ᠪᠠᠶᠢᠯ᠎ᠠ᠃ ᠴᠠᠭᠠᠨ ᠰᠠᠷ᠎ᠠ ᠥᠩᠭᠡᠷᠡᠭᠰᠡᠨ ᠤ ᠲᠠᠷᠠᠭ᠎ᠠ᠂ ᠡᠵᠢ ᠨᠢ ᠡᠪᠡᠳᠴᠢᠯᠡᠭᠡᠳ ᠬᠡᠪᠲᠡᠵᠦ ᠪᠠᠶᠢᠭᠰᠠᠨ | ᠪᠣᠯᠬᠤᠷ ᠭᠡᠷ ᠲᠡᠭᠡᠨ ᠬᠠᠷᠠᠭᠠᠯᠵᠠᠬᠤ ᠴᠢᠬᠤᠯᠠᠲᠠᠶ ᠪᠤᠯᠵᠤ᠂ ᠠᠮᠢᠳᠤᠷᠠᠯ ᠤᠨ ᠢᠷᠡᠯᠳᠡ ᠪᠠᠨ ᠠᠯᠳᠠᠵᠠᠶ᠃ ᠪᠠᠶᠢᠳᠠᠯ ᠢ | ᠮᠡᠳᠡᠭᠰᠡᠨ ᠤ ᠳᠠᠷᠠᠭ᠎ᠠ᠂ 4 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠭᠠᠴᠠᠭᠠᠨ ᠤ ︽ᠬᠤᠶᠠᠷ | ᠵᠥᠪᠯᠡᠯ︾ ᠤᠨ ᠭᠡᠰᠢᠭᠦᠳ ᠳᠠᠷᠦ᠋ᠢᠬᠠᠨ ᠬᠥᠳᠡᠯᠦᠯᠴᠡᠵᠦ᠂ ᠥᠪᠡᠷ ᠢᠶᠠᠨ ᠵᠣᠭᠤᠰ ᠴᠤᠭᠯᠠᠭᠤᠯᠵᠤ᠂ ᠠᠮᠤ ᠪᠤᠳᠠᠭ᠎ᠠ᠂ | ᠭᠤᠯᠢᠷ᠂ ᠲᠣᠰᠣ᠂ ᠵᠢᠮᠢᠰ ᠵᠡᠷᠭᠡ ᠠᠮᠢᠳᠤᠷᠠᠯ ᠤᠨ ᠬᠡᠷᠡᠭᠰᠡᠯ ᠵᠢᠴᠢ ᠲᠣᠬᠤᠨᠢᠭᠤᠯᠬᠤ ᠮᠥᠩᠭᠦ ︵ᠨᠡᠶᠢᠲᠡ 1500 | ᠲᠥᠭᠦᠷᠢᠭ︶ ᠬᠤᠳᠠᠯᠳᠤᠨ ᠠᠪᠴᠤ ᠲᠡᠳᠡᠨ ᠢ ᠪᠣᠯᠭᠤᠭᠠᠨ ᠦᠵᠡᠬᠦ ᠪᠠᠷ ᠣᠴᠢᠪᠠ᠃ | ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠭᠡᠰᠢᠭᠦᠨ ᠲᠡᠳᠡᠨ ᠤ ᠬᠡᠷ ᠲᠤ ᠢᠷᠡᠵᠦ ᠨᠠᠰᠤᠲᠠᠨ ᠤ | ᠪᠡᠶ᠎ᠡ ᠮᠠᠬᠠᠪᠣᠳ᠂ ᠠᠮᠢᠳᠤᠷᠠᠯ᠂ ᠡᠮ ᠡᠮᠨᠡᠯᠭᠡ ᠶᠢᠨ ᠳᠠᠭᠠᠳᠬᠠᠯ᠂ ᠬᠡᠷ ᠪᠦᠯᠢ ᠵᠡᠷᠭᠡ ᠶᠢᠨ ᠪᠠᠶᠢᠳᠠᠯ ᠢ | ᠠᠰᠠᠭᠤᠬᠤ ᠶᠢᠨ ᠬᠠᠮᠲᠤ᠂ ᠲᠡᠭᠦᠨ ᠢ ᠡᠵᠢ ᠶᠢᠨ ᠢᠶᠠᠨ ᠪᠡᠶ᠎ᠡ ᠮᠠᠬᠠᠪᠣᠳ ᠢ ᠰᠠᠶᠢᠲᠤᠷ ᠬᠠᠷᠠᠭᠠᠯᠵᠠᠭᠠᠷᠠᠶ ᠭᠡᠵᠦ | ᠵᠣᠷᠢᠭᠵᠢᠭᠤᠯᠵᠤ᠂ ᠭᠠᠴᠠᠭᠠᠨ ᠤ ᠬᠢᠨ ᠬᠡᠷ ᠪᠦᠯᠢ ᠶᠢᠨ ᠪᠠᠶᠢᠳᠠᠯ ᠲᠠᠢ ᠪᠠᠨ ᠤᠶᠠᠯᠳᠤᠭᠤᠯᠤᠨ ᠨᠠᠰᠤᠲᠠᠨ ᠳᠤ ᠬᠠᠮᠢᠶ᠎ᠠ | ᠪᠥᠬᠦᠶ ᠰᠠᠯᠠᠭ᠎ᠠ ᠮᠥᠴᠢᠷ ᠠᠴᠠ ᠠᠪᠤᠷᠠᠨ ᠲᠤᠰᠠᠯᠠᠬᠤ ᠮᠥᠩᠭᠦ ᠭᠤᠶᠤᠴᠢᠯᠠᠵᠤ᠂ ᠲᠡᠳᠡᠨ ᠢ ᠢᠲᠡᠭᠡᠯ ᠵᠣᠷᠢᠭ ᠲᠠᠢ | ᠪᠠᠶᠢᠵᠤ᠂ ᠰᠡᠳᠬᠢᠯ ᠰᠠᠨᠠᠭ᠎ᠠ ᠪᠠᠨ ᠰᠠᠶᠢᠨ ᠪᠠᠶᠢᠯᠭᠠᠵᠤ᠂ ᠡᠮᠴᠢᠯᠡᠭᠡ ᠳᠤ ᠢᠳᠡᠪᠬᠢᠲᠡᠶ ᠬᠠᠮᠵᠢᠯᠴᠠᠬᠤ ᠶᠢ ᠬᠦᠰᠡᠵᠦ | ᠪᠠᠶᠢᠨ᠎ᠠ︕ | | ᠡᠷᠬᠢᠨ ᠦᠵᠡᠵᠦ ᠲᠣᠬᠤᠨᠢᠭᠤᠯᠬᠤ ᠪᠠᠷ ᠳᠠᠮᠵᠢᠭᠤᠯᠤᠨ᠂ ᠨᠠᠮ ᠪᠣᠯᠤᠨ ᠠᠷᠠᠳ ᠣᠯᠠᠨ ᠤ ᠬᠠᠷᠢᠯᠴᠠᠭ᠎ᠠ ᠶᠢ | ᠨᠢᠭᠲᠠᠷᠠᠭᠤᠯᠵᠤ᠂ ᠣᠯᠠᠨ ᠲᠦᠮᠡᠨ ᠯᠦᠭᠡ ᠶᠢᠨ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠬᠦᠴᠢᠷᠳᠡᠯᠲᠡᠶ ᠣᠯᠠᠨ | ᠲᠦᠮᠡᠨ ᠳᠤ ᠨᠡᠶᠢᠭᠡᠮ ᠤᠨ ᠶᠡᠭᠡ ᠬᠡᠷ ᠪᠦᠯᠢ ᠶᠢᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠭᠦᠶ᠋ᠴᠡᠳ ᠮᠡᠳᠡᠷᠡᠭᠦᠯᠪᠡ︕ | |