ᠪᠠᠶᠠᠨᠬᠤᠸᠠ ᠪᠠᠯᠭᠠᠰᠤᠨ ᠤ ᠨᠠᠮ ᠤᠨ ᠬᠡᠰᠢᠭᠦᠨ ᠪᠠ ᠰᠠᠶᠢᠨ ᠲᠤᠷᠠᠴᠦᠳ  ︽ᠪᠢ ᠲᠠᠨ ᠢ ᠬᠠᠪᠰᠤᠷᠤᠶ᠎ᠠ︾ ᠭᠡᠬᠦ ᠰᠢᠨ᠎ᠡ ᠴᠠᠭ  ᠦᠶ᠎ᠡ ᠶᠢᠨ ᠪᠤᠯᠪᠠᠰᠤᠨ ᠤ ᠦᠢᠯᠡ ᠠᠵᠢᠯᠯᠠᠭ᠎ᠠ ᠡᠷᠴᠢᠮᠳᠠᠢ ᠶᠠᠪᠤᠭᠳᠠᠵᠦ ᠪᠤᠢ
ᠨᠡᠶᠢᠲᠡᠯᠡᠭᠰᠡᠨ ᠴᠠᠭ᠄
2021/4/15
     ᠤᠶᠢᠷ᠎ᠠ ᠳᠤ᠂ ᠪᠠᠶᠠᠨᠬᠤᠸᠠ ᠪᠠᠯᠭᠠᠰᠤᠨ ᠤ ᠨᠠᠮ ᠤᠨ ᠬᠡᠰᠢᠭᠦᠨ ᠪᠠ ᠰᠠᠶᠢᠨ ᠲᠤᠷᠠᠴᠤᠳ ︽ᠪᠢ ᠲᠠᠨ ᠢ ᠬᠠᠪᠰᠤᠷᠦᠶ᠎ᠠ︾ ᠭᠡᠬᠦ ᠰᠠᠶᠢᠨ ᠲᠤᠷ᠎ᠠ ᠶᠢᠨ ᠦᠢᠯᠡᠴᠢᠯᠡᠭᠡᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠠᠵᠢᠯᠯᠠᠭ᠎ᠠ ᠦᠷᠨᠢᠭᠦᠯᠪᠡ᠃       ᠰᠢ   ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠵᠦ᠂ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠭᠦᠨ ᠠᠭᠤᠯᠠ ᠤᠰᠤ ᠮᠦᠨ︾ ᠭᠡᠬᠦ ᠤᠶᠢᠯᠠᠭᠠᠭᠳᠠᠬᠤᠨ ᠢ ᠦᠢᠯᠡᠳᠦᠯᠭᠡᠵᠢᠭᠦᠯᠦᠨ᠂ ᠰᠠᠶᠢᠨ ᠰᠠᠶᠢᠬᠠᠨ ᠪᠠᠯᠭᠠᠰᠤᠨ ᠤ ᠲᠦᠷᠢ ᠲᠦᠷᠬᠦ ᠶᠢ ᠡᠭᠦᠳᠴᠦ ᠨᠠᠮ ᠤᠨ ᠬᠡᠰᠢᠬᠦᠨ ᠡᠷᠦᠬᠡ ᠳᠤ ᠬᠦᠷᠴᠦ ᠭᠠᠵᠢᠭᠤ ᠨᠤᠮᠯᠠᠯ ᠢ ᠡᠰᠡᠷᠭᠦᠴᠡᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠳᠦ᠂ ᠪᠠᠯᠭᠠᠰᠤᠨ ᠤ ᠵᠡᠭᠡᠯᠢ ᠶᠢᠨ ᠬᠠᠵᠠᠭᠤ ᠪᠠᠷ ᠮᠤᠳᠤ ᠲᠠᠷᠢᠵᠦ᠂ ᠦᠩᠭᠡ ᠦᠵᠡᠮᠵᠢ ᠨᠡᠮᠡᠷᠢᠯᠡᠪᠡ᠃ ᠨᠠᠮ ᠤᠨ ᠬᠡᠰᠢᠭᠦᠳ ᠪᠠᠰᠠ ᠤᠯᠠᠭᠠᠨᠪᠤᠯᠠᠭ ᠭᠠᠴᠠᠭᠠᠨ ᠤ ᠮᠠᠯᠴᠢᠨ ᠠᠶᠢᠯ ᠳᠤ ᠬᠦᠷᠴᠦ᠂ ᠬᠦᠷᠵᠡᠩ ᠬᠢᠰᠭᠢᠵᠦ ᠬᠤᠷᠤᠭ᠎ᠠ ᠬᠠᠰᠢᠶ᠎ᠠ ᠶᠢ ᠨᠢ ᠴᠡᠪᠡᠷᠯᠡᠨ᠂ ᠨᠠᠮ ᠤᠨ ᠲᠡᠥᠬᠡ ᠶᠢᠨ ᠰᠤᠷᠤᠯᠴᠠᠯᠭ᠎ᠠ ᠶᠢᠨ ᠬᠡᠰᠢᠭᠦᠨ ᠤ ᠵᠢᠱᠢᠶᠡᠴᠢ ᠲᠠᠭᠠᠭᠤᠯᠤᠭᠴᠢ ᠦᠢᠯᠡᠳᠦᠯ ᠢᠶᠠᠨ ᠭᠦᠢᠴᠡᠳ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号