ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠯᠢ ᠶᠢᠨ ᠬᠠᠮᠢᠶᠠᠷᠤᠯᠳᠠ ᠶᠢᠨ ᠶᠡᠭᠡ ᠠᠩᠭᠢ ︽ᠨᠠᠮ ᠤᠨ ᠲᠤᠬᠡ ᠶᠢ  ᠰᠤᠷᠤᠯᠴᠠᠵᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠠᠶᠠᠷᠯᠠᠨ  ᠤᠭᠳᠤᠬᠤ︾ ᠭᠤᠤᠯ ᠰᠡᠳᠦᠪᠳᠦ ᠶᠠᠷᠢᠶ᠎ᠠ ᠢᠯᠡᠳᠭᠡᠯ ᠤᠨ ᠤᠷᠤᠯᠳᠤᠭᠠᠨ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2021/4/22
     ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠠᠶᠠᠷᠯᠠᠨ  ᠤᠭᠳᠤᠬᠤ ᠵᠤᠷᠢᠯᠭ᠎ᠠ ᠪᠠᠷ ᠨᠠᠮ ᠤᠨ ᠲᠤᠬᠡ  ᠶᠢᠨ ᠰᠤᠷᠤᠯᠴᠠᠯᠭ᠎ᠠ ᠶᠢᠨ ᠰᠤᠷᠭᠠᠨ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ᠠᠷᠠᠳ ᠤᠨ ᠴᠠᠭᠳᠠᠭ᠎ᠠ ᠶᠢᠨ ᠭᠡᠷᠡᠯ ᠭᠢᠯᠪᠠᠭ᠎ᠠ ᠶᠢ ᠬᠠᠷᠠᠭᠤᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠯᠢ ᠶᠢᠨ ᠬᠠᠮᠢᠶᠠᠷᠤᠯᠳᠠ  ᠶᠢᠨ ᠶᠡᠭᠡ ᠠᠩᠭᠢ ︽ᠨᠠᠮ ᠤᠨ ᠲᠡᠤᠬᠡ ᠶᠢ ᠰᠤᠷᠤᠯᠴᠠᠵᠦ ᠨᠠᠮ ᠪᠠᠶᠢᠭᠤᠯᠤᠭᠳᠠᠭᠰᠠᠨ100 ᠵᠢᠯ ᠤᠨ  ᠤᠢ ᠶᠢ ᠪᠠᠶᠠᠷᠯᠠᠨ ᠤᠭᠳᠤᠬᠤ︾ ᠭᠤᠤᠯ  ᠰᠡᠳᠦᠪᠳᠦ ᠶᠠᠷᠢᠶ᠎ᠠ ᠢᠯᠡᠳᠭᠡᠯ ᠤᠨ ᠤᠷᠤᠯᠳᠤᠭᠠᠨ ᠶᠠᠪᠤᠭᠳᠠᠭᠤᠯᠤᠭᠰᠠᠨ ᠪᠠᠶᠢᠨ᠎ᠠ᠃      ᠲᠤᠰ ᠤᠷᠤᠯᠳᠤᠭᠠᠨ ᠤ ᠠᠩᠬᠠᠨ ᠤ ᠰᠢᠯᠭᠠᠷᠠᠭᠤᠯᠤᠯᠳᠠ ᠳᠤ᠂ ᠪᠦᠬᠦ ᠬᠤᠰᠢᠭᠤᠨ ᠤ ᠡᠯ᠎ᠡ ᠲᠤᠮᠢᠯᠠᠭᠰᠠᠨ ᠰᠠᠯᠪᠤᠷᠢ ᠪᠠ ᠬᠤᠰᠢᠭᠤᠨ ᠳᠠᠬᠢ ᠶᠡᠭᠡ ᠠᠩᠭᠢ ᠶᠢᠨ ᠡᠯ᠎ᠡ ᠰᠠᠯᠠᠭᠠᠨ ᠠᠴᠠ ᠦᠪᠡᠷᠰᠡᠳ ᠢᠶᠠᠨ ᠰᠢᠯᠭᠠᠷᠠᠭᠤᠯᠤᠨ᠂ ᠡᠴᠦᠰ ᠤᠨ ᠤᠷᠤᠯᠳᠤᠭᠠᠨ ᠳᠤ ᠨᠡᠶᠢᠳᠡ14 ᠪᠠᠶᠢᠯᠳᠤᠭᠴᠢ ᠤᠷᠤᠯᠴᠠᠭᠤᠯᠤᠭᠰᠠᠨ ᠪᠠᠶᠢᠨ᠎ᠠ᠃      ᠲᠦᠪ ᠭᠤᠤᠯᠴᠢ ᠬᠢᠨᠠᠯᠳᠠ ᠪᠠ ᠤᠷᠤᠯᠴᠠᠭᠴᠢᠳ ᠤᠨ ᠢᠳᠡᠪᠬᠢᠳᠠᠢ ᠤᠷᠤᠯᠴᠠᠯᠭ᠎ᠠ ᠪᠠᠷ ᠲᠠᠮᠵᠢᠨ ᠲᠤᠰ ᠤᠷᠤᠯᠳᠤᠭᠠᠨ ᠨᠢ ᠢᠯᠭᠤᠮ ᠤᠷᠤᠭᠰᠢᠳᠠᠢ ᠶᠠᠪᠤᠭᠳᠠᠵᠦ᠂ ᠮᠠᠨ ᠤ ᠬᠤᠰᠢᠭᠤᠨ ᠤ ᠬᠢᠯᠢ ᠶᠢᠨ ᠬᠠᠮᠢᠶᠠᠷᠤᠯᠳᠠ ᠶᠢᠨ ᠶᠡᠭᠡ ᠠᠩᠭᠢ ᠶᠢᠨ ᠪᠦᠬᠦ ᠲᠠᠷᠤᠭ᠎ᠠ ᠪᠠᠶᠢᠯᠳᠤᠭᠴᠢᠳ ᠠᠷᠠᠳ ᠤᠨ ᠴᠠᠭᠳᠠᠭᠠᠨ ᠤ ᠴᠤᠭ ᠵᠢᠪᠬᠤᠭ᠎ᠠ ᠪᠠᠨ  ᠪᠠᠳᠠᠷᠠᠭᠤᠯᠵᠦ᠂ ᠲᠡᠳᠡᠨ ᠤ ᠨᠠᠮ ᠤᠨ ᠲᠡᠥᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠪᠦᠳᠦᠮᠵᠢᠳᠠᠢ ᠶᠠᠪᠤᠭᠳᠠᠵᠦ ᠪᠠᠶᠢᠬᠤ ᠶᠢ ᠬᠠᠷᠢᠭᠤᠯᠵᠦ ᠴᠢᠳᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号