ᠠᠷᠠᠳ ᠤᠨ ᠲᠦᠯᠦᠭᠡ ᠪᠤᠳᠠᠳᠦ ᠶᠠᠪᠤᠳᠠᠯ ᠬᠢᠵᠦ ᠬᠠᠷᠠᠮ ᠦᠭᠡᠢ ᠴᠢᠷᠮᠠᠶᠢᠨ ᠠᠵᠢᠯᠯᠠᠵᠦ ᠶᠠᠪᠤᠭ᠎ᠠ ᠭᠠᠴᠠᠭᠠᠨ ᠤ ᠲᠡᠳ᠋ ᠡᠷᠬᠢᠯᠡᠭᠴᠢ — ᠪᠠᠶᠠᠷᠳᠦ
ᠨᠡᠶᠢᠲᠡᠯᠡᠭᠰᠡᠨ ᠴᠠᠭ᠄
2021/4/29
     ᠨᠢᠭᠡᠨ ᠡᠭᠡᠯ ᠵᠢᠷ ᠤᠨ ᠮᠠᠯᠴᠢᠨ ᠠᠶᠢᠯ ᠳᠤ ᠦᠰᠴᠦ ᠲᠤᠮᠤᠭᠠᠵᠢᠨ᠂ ᠬᠠᠷᠠᠬᠠᠨ ᠪᠠᠭ᠎ᠠ ᠠᠴᠠ ᠪᠠᠨ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ︾ ᠶᠢᠨ ᠵᠤᠷᠢᠭ ᠰᠠᠨᠠᠭ᠎ᠠ ᠶᠢ ᠬᠦᠷᠳᠡᠵᠦ ᠦᠰᠦᠭᠰᠡᠨ ᠪᠠᠶᠠᠷᠳᠦ ᠨᠡᠶᠢᠭᠡᠮ ᠨᠡᠶᠢᠳᠡ ᠳᠤ ᠨᠢᠭᠡᠨ ᠬᠡᠷᠡᠭᠴᠡᠭᠡ ᠲᠠᠢ ᠬᠦᠮᠦᠨ ᠪᠤᠯᠬᠤ ᠪᠠᠷ ᠴᠢᠷᠮᠠᠶᠢᠵᠦ᠂ ᠨᠠᠮ ᠤᠨ ᠵᠤᠬᠢᠶᠠᠨ ᠪᠠᠶᠢᠭᠤᠯᠤᠯᠳᠠ ᠶᠢ ᠲᠠᠭᠠᠵᠦ᠂ ᠤᠯᠤᠰ ᠲᠦᠷᠦ ᠶᠢᠨ ᠤᠬᠠᠮᠰᠠᠷ ᠪᠤᠯᠤᠨ ᠬᠡᠪ ᠪᠤᠯᠪᠠᠰᠤᠷᠠᠯ ᠢᠶᠠᠨ ᠲᠠᠰᠤᠷᠤᠯᠳᠠ ᠦᠭᠡᠢ  ᠲᠡᠭᠡᠭᠰᠢᠯᠡᠭᠦᠯᠵᠦ᠂2003 ᠤᠨ ᠳᠤ ᠲᠤᠮᠳᠠᠳᠦ ᠤᠯᠤᠰ ᠤᠨ ᠡᠪ ᠬᠠᠮᠳᠦ ᠨᠠᠮ ᠤᠨ ᠬᠡᠰᠢᠭᠦᠨ ᠢᠶᠠᠷ ᠡᠯᠰᠡᠭᠳᠡᠨ᠂ ᠨᠠᠮ ᠳᠤ ᠡᠯᠰᠡᠭᠳᠡᠭᠰᠡᠨ ᠠᠴᠠ ᠬᠤᠶᠢᠰᠢ ᠲᠡᠷᠡ ᠪᠡᠶ᠎ᠡ ᠪᠠᠨ ᠴᠢᠩᠭ᠎ᠠ ᠱᠠᠭᠠᠷᠳᠠᠵᠦ᠂ ᠠᠶᠢᠯ ᠰᠠᠬᠠᠭᠠᠯᠳᠠ  ᠪᠠᠨ ᠬᠠᠪᠰᠤᠷᠤᠨ ᠬᠦᠴᠢᠷᠳᠡᠯᠳᠠᠢ ᠠᠰᠠᠭᠤᠳᠠᠯ ᠢ ᠨᠢ ᠰᠢᠢᠳᠪᠤᠷᠢᠯᠡᠨ᠂2015 ᠤᠨ ᠳᠤ ᠭᠠᠴᠠᠭᠠᠨ ᠤ ᠨᠠᠮ ᠤᠨ ᠡᠭᠦᠷ ᠤᠨ ᠭᠡᠰᠢᠬᠦᠨ᠂ ᠭᠠᠴᠠᠭᠠᠨ ᠤ ᠲᠡᠳ᠋ ᠡᠷᠬᠢᠯᠡᠭᠴᠢ ᠪᠠᠷ ᠰᠤᠩᠭᠤᠭᠳᠠᠨ ᠤᠳᠤ ᠬᠦᠷᠳᠡᠯ᠎ᠡ ᠲᠤᠰᠢᠶᠠᠯ ᠳᠤ ᠪᠠᠨ ᠤᠰᠤᠯᠳᠠᠯ ᠦᠭᠡᠢ ᠠᠵᠢᠯᠯᠠᠭᠰᠠᠭᠠᠷ ᠢᠷᠡᠵᠠᠢ᠃      ᠪᠠᠶᠠᠷᠳᠦ ᠲᠤᠰᠢᠶᠠᠯ ᠳᠤ ᠭᠠᠷᠤᠭᠰᠠᠨ ᠠᠴᠠ ᠨᠠᠭᠠᠰᠢ᠂ ︽ᠪᠦᠬᠦ ᠰᠡᠳᠭᠢᠯ ᠪᠦᠬᠦ ᠵᠤᠷᠢᠭ ᠢᠶᠠᠷ ᠢᠶᠠᠨ ᠤᠯᠠᠨ ᠲᠦᠮᠡᠨ ᠤ ᠲᠦᠯᠦᠭᠡ ᠦᠢᠯᠡᠴᠢᠯᠡᠬᠦ︾ ᠵᠤᠷᠢᠯᠭ᠎ᠠ ᠶᠢ ᠪᠠᠷᠢᠮᠳᠠᠯᠠᠵᠦ᠂ ᠡᠯ᠎ᠡ ᠲᠦᠷᠦᠯ ᠤᠨ ᠠᠵᠢᠯ ᠢᠶᠠᠨ ᠰᠠᠶᠢᠳᠦᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠨ ᠳᠤ ᠦᠷᠭᠡᠨ ᠤᠯᠠᠨ ᠲᠦᠮᠡᠨ ᠢ ᠲᠠᠶᠢᠴᠢᠯᠠᠨ ᠶᠠᠳᠠᠭᠤ ᠠᠴᠠ  ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠨ ᠳᠤ ᠦᠷᠭᠡᠨ ᠤᠯᠠᠨ ᠲᠦᠮᠡᠨ ᠢ ᠲᠠᠶᠢᠴᠢᠯᠠᠨ ᠶᠠᠳᠠᠭᠤ ᠠᠴᠠ ᠠᠩᠭᠢᠵᠢᠷᠠᠵᠦ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠵᠦ᠂ ᠭᠠᠴᠠᠭᠠᠨ ᠤ ᠠᠵᠦ ᠠᠬᠤᠢ ᠶᠢᠨ ᠬᠦᠭᠵᠢᠯᠳᠡ ᠶᠢ ᠠᠬᠢᠭᠤᠯᠬᠤ ᠳᠤ ᠬᠦᠴᠦ ᠪᠠᠨ ᠨᠡᠮᠡᠷᠢᠯᠡᠵᠦ᠂ ᠦᠨᠳᠦᠰᠦᠨ ᠱᠠᠳᠦᠨ ᠤ ᠤᠯᠠᠨ ᠲᠦᠮᠡᠨ  ᠤ ᠲᠤᠰᠬᠠᠭᠰᠠᠨ ᠠᠰᠠᠭᠤᠳᠠᠯ᠂ ᠵᠦᠷᠢᠴᠡᠯ ᠵᠢᠭᠤᠷᠭᠠᠨ ᠢ ᠡᠪᠳᠠᠢ  ᠰᠢᠢᠳᠪᠦᠷᠢᠯᠡᠨ᠂ ᠮᠠᠯᠴᠢᠳ ᠤᠨ ᠦᠢᠯᠡᠳᠪᠦᠷᠢᠯᠡᠯ ᠠᠮᠢᠳᠦᠷᠠᠯ ᠢ ᠠᠩᠬᠠᠷᠴᠦ᠂ ᠡᠪᠦᠯ ᠵᠤᠨ ᠲᠤᠬᠢᠶᠠᠯᠳᠤᠬᠤ ᠲᠡᠵᠢᠭᠡᠯ ᠪᠤᠷᠳᠤᠭᠠᠨ ᠤ ᠠᠰᠠᠭᠤᠳᠠᠯ᠂ ᠰᠠᠭᠤᠬᠤ ᠭᠡᠷ ᠤᠨ ᠠᠰᠠᠭᠤᠳᠠᠯ ᠵᠡᠷᠭᠡ ᠶᠠᠪᠦᠳᠠᠯ   ᠤᠳ ᠢ ᠨᠠᠷᠢᠨ ᠨᠢᠮᠪᠠᠢ ᠰᠢᠢᠳᠪᠦᠷᠢᠯᠡᠨ᠂ ᠨᠢᠭᠡᠨ ᠰᠢᠯᠢᠳᠡᠭ ᠨᠠᠮ ᠤᠨ ᠬᠡᠰᠢᠭᠦᠨ᠂ ᠦᠨᠳᠦᠰᠦᠨ ᠱᠠᠳᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ ᠪᠠᠶᠢᠨ᠎ᠠ᠃
     2018 ᠤᠨ ᠤ7 ᠰᠠᠷ᠎ᠠ ᠶᠢᠨ19 ᠤ ᠡᠳᠦᠷ᠂ ᠮᠠᠨ ᠤ ᠬᠤᠰᠢᠭᠤᠨ ᠳᠤ ᠨᠡᠶᠢᠳᠡᠮ ᠠᠭᠠᠳᠠᠷ  ᠪᠤᠷᠤᠭᠠᠨ ᠤᠷᠤᠵᠦ᠂ ᠡᠯ᠎ᠡ ᠰᠤᠮᠤ ᠪᠠᠯᠭᠠᠰᠤᠨ ᠤ ᠭᠡᠷ ᠠᠬᠤᠢ᠂ ᠵᠠᠰᠠᠮᠠᠯ ᠵᠠᠮ ᠶᠡᠭᠡ ᠬᠤᠬᠢᠷᠠᠯ ᠳᠤ ᠤᠴᠠᠷᠠᠭᠰᠠᠨ ᠪᠠᠶᠢᠳᠠᠯ ᠳᠤ ᠲᠡᠷᠡ ᠲᠡᠭᠡᠭᠡᠪᠦᠷᠢᠯᠡᠬᠦ ᠮᠠᠰᠢᠨ ᠢᠶᠠᠨ ᠵᠢᠯᠤᠭᠤᠳᠤᠨ᠂ ᠠᠬᠤᠢ ᠲᠠᠯᠠᠪᠠᠢ ᠳᠤ ᠬᠦᠷᠴᠦ ᠭᠠᠮᠰᠢᠭ ᠳᠤ ᠲᠠᠭᠠᠷᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠵᠦ᠂ ᠭᠠᠮᠰᠢᠭ ᠠᠴᠠ ᠠᠪᠤᠷᠠᠬᠤ ᠠᠵᠢᠯ ᠳᠤ ᠢᠳᠡᠪᠬᠢᠯᠡᠨ ᠤᠷᠤᠯᠴᠠᠵᠦ᠂ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠳᠤᠯᠠᠬᠤ ᠳᠤ ᠨᠢᠭᠡ ᠮᠦᠷ ᠤᠨ ᠬᠦᠴᠦᠨ  ᠢᠶᠠᠨ ᠡᠷᠭᠦᠭᠰᠡᠨ ᠪᠠᠶᠢᠨ᠎ᠠ᠃
     2020 ᠤᠨ ᠤ11 ᠰᠠᠷ᠎ᠠ ᠶᠢᠨ28 ᠤ ᠡᠳᠦᠷ᠂ ᠮᠢᠩᠭᠠᠨ ᠪᠠᠯᠭᠠᠰᠤᠨ ᠤ ᠰᠢᠷᠠᠴᠢᠯᠠᠭᠤ ᠭᠠᠴᠠᠭᠠᠨ ᠳᠤ ᠶᠡᠭᠡ ᠴᠠᠰᠦ ᠤᠷᠤᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ᠂ ᠲᠡᠵᠢᠭᠡᠯ ᠪᠤᠷᠳᠤᠭ᠎ᠠ ᠵᠦᠭᠡᠭᠡᠪᠦᠷᠢᠯᠡᠬᠦ ᠠᠵᠢᠯ  ᠢ ᠶᠡᠭᠡ ᠪᠠᠷ ᠨᠦᠯᠦᠭᠡᠯᠡᠭᠰᠡᠨ ᠪᠠᠶᠢᠳᠦᠯ ᠳᠤ ᠲᠡᠷᠡ ᠮᠦᠨ  ᠬᠦ ᠲᠡᠭᠡᠭᠡᠪᠦᠷᠢᠯᠡᠭᠦ ᠮᠠᠰᠢᠨ ᠢᠶᠠᠨ ᠵᠢᠯᠤᠭᠤᠳᠤᠨ ᠵᠠᠰᠠᠮᠠᠯ ᠵᠠᠮ ᠤᠨ ᠴᠠᠰᠤ ᠶᠢ ᠴᠡᠪᠡᠷᠯᠡᠵᠦ᠂ ᠬᠡᠳᠦᠨ ᠡᠳᠦᠷ ᠴᠠᠰᠦ ᠰᠢᠭᠤᠷᠭᠠᠨ ᠳᠤ ᠬᠠᠳᠠᠭᠤᠵᠢᠯᠳᠠᠢ ᠠᠵᠢᠯᠯᠠᠭᠰᠠᠨ ᠠᠴᠠ ᠲᠠᠷᠢᠬᠢᠨ ᠳᠤ ᠨᠢ ᠴᠢᠰᠦ ᠬᠠᠷᠪᠦᠵᠠᠢ᠃ ᠪᠠᠶᠢᠳᠠᠯ ᠢ ᠨᠢ ᠮᠡᠳᠡᠭᠰᠡᠨ ᠮᠠᠯᠴᠢᠳ ᠲᠠᠷᠦᠢ ᠲᠦᠷᠭᠡᠨ ᠲᠡᠭᠦᠨ ᠢ ᠪᠤᠭᠤᠳᠦ ᠬᠤᠳᠠ ᠶᠢᠨ ᠡᠮᠨᠡᠯᠭᠡ ᠳᠤ ᠬᠦᠷᠭᠡᠨ ᠠᠪᠤᠷᠠᠯᠳᠠ ᠬᠢᠭᠰᠡᠨ ᠠᠴᠠ ᠠᠶᠤᠯ ᠠᠴᠠ ᠬᠡᠯᠳᠦᠷᠢᠵᠦ ᠤᠳᠤ ᠪᠡᠶ᠎ᠡ ᠨᠢ ᠡᠷᠡᠭᠦᠯᠵᠢᠭᠡᠳ ᠠᠵᠢᠯ ᠤᠨ ᠪᠠᠶᠢᠷᠢᠨ ᠳᠤ ᠪᠠᠨ  ᠴᠢᠷᠮᠠᠶᠢᠨ ᠠᠵᠢᠯᠯᠠᠬᠤ ᠪᠠᠷ ᠪᠡᠯᠡᠬᠡᠨ ᠪᠠᠶᠢᠨ᠎ᠠ᠃
     ᠪᠠᠶᠠᠷᠳᠦ ᠶᠢᠨ ᠡᠨᠡᠬᠦ ᠠᠮᠢ ᠪᠡᠶ᠎ᠡ ᠪᠠᠨ ᠬᠠᠶᠢᠬᠤᠷᠤᠯ ᠦᠭᠡᠢ ᠤᠯᠠᠨ ᠲᠦᠮᠡᠨ ᠤ ᠲᠦᠯᠦᠭᠡ ᠭᠠᠪᠰᠢᠭᠠᠶᠢᠯᠠᠨ ᠠᠵᠢᠯᠯᠠᠳᠠᠭ ᠵᠤᠷᠢᠭ ᠰᠠᠨᠠᠭ᠎ᠠ ᠨᠢ ᠠᠶᠢᠯ ᠰᠠᠬᠠᠭᠠᠯᠳᠠ ᠶᠢᠨ ᠢᠶᠠᠨ ᠲᠤᠮᠳᠠ ᠮᠠᠭᠳᠠᠭᠳᠠᠵᠦ᠂ ᠬᠤᠶᠢᠰᠢᠳᠠ ᠲᠡᠷᠡ ᠬᠦᠳᠡᠭᠡ ᠲᠤᠰᠬᠤᠨ ᠢᠶᠠᠨ ᠬᠦᠭᠵᠢᠭᠦᠯᠬᠦ ᠠᠵᠢᠯ ᠢ ᠤᠯᠠᠮ ᠰᠠᠶᠢᠳᠦᠷ ᠬᠢᠵᠦ᠂ ᠨᠠᠮ ᠪᠠ ᠨᠤᠳᠤᠭ ᠤᠰᠤᠨ ᠤ ᠪᠠᠨ ᠤᠯᠠᠨ ᠲᠦᠮᠡᠨ ᠳᠤ ᠦᠷᠭᠦᠯᠵᠢᠯᠡᠨ ᠦᠢᠯᠡᠴᠢᠯᠡᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ  ᠳᠤ ᠬᠦᠴᠦᠨ   ᠢᠶᠠᠨ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号