︽ᠪᠢ ᠴᠢᠮ᠎ᠠ ᠶᠢ ᠬᠠᠪᠰᠤᠷᠤᠨ᠎ᠠ︾ ᠶᠠᠪᠤᠭᠳᠠᠵᠤ ᠪᠠᠶᠢᠬᠤ ᠦᠶ᠎ᠡ ᠳᠤ ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠤᠪᠴᠢᠶ᠎ᠠ ᠠᠵᠤ ᠠᠬᠤᠶᠢᠯᠠᠯ ᠪᠠ ᠤᠯᠠᠨ ᠲᠦᠮᠡᠨ ᠳᠤ ︽ᠨᠢᠭᠡ ᠳᠤ ᠨᠢᠭᠡ︾ ᠳᠣᠲᠣᠨᠣ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2021/4/29
     ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠭᠦᠶᠦᠯᠲᠡ ᠶᠢᠨ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ 4 ᠰᠠᠷ᠎ᠠ ᠶᠢᠨ 21 ᠤ ᠡᠳᠦᠷ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠬᠡᠷᠡᠭ ᠡᠷᠭᠢᠯᠡᠬᠦ ᠲᠢᠩᠬᠢᠮ ᠳᠤ ︽ᠪᠢ ᠴᠢᠮᠠᠶᠢ ᠬᠠᠪᠰᠤᠷᠤᠨ᠎ᠠ︾ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠭᠡ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠬᠤᠳᠠ ᠶᠢᠨ ᠠᠷᠠᠳ ᠤᠨ ᠶᠡᠭᠡ ᠲᠢᠩᠬᠢᠮ ᠳᠤ ᠬᠦᠷᠬᠦ ᠳᠤ᠂ ᠤᠯᠠᠭᠠᠨ ᠦᠩᠭᠡ ᠶᠢᠨ ᠦᠵᠡᠮᠵᠢ ᠶᠢᠨ ᠣᠷᠣᠨ ᠢ ᠤᠭᠲᠤᠨ ᠢᠷᠡᠵᠦ᠂ ᠤᠯᠠᠭᠠᠨ ᠦᠩᠭᠡ ᠶᠢᠨ ᠪᠦᠴᠡ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠮᠦᠰ ᠬᠠᠯᠠᠭᠤᠮᠰᠤᠭ ᠢᠶᠠᠷ ᠰᠠᠨᠠᠭᠠᠴᠢᠯᠠᠭ᠎ᠠ ᠠᠴᠠ ᠪᠠᠨ ᠤᠭᠲᠤᠨ᠂ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠤᠨ ᠬᠥᠮᠦᠰ ᠪᠣᠯᠤᠨ ᠤᠯᠠᠨ ᠲᠦᠮᠡᠨ ᠢ ᠳᠠᠭᠠᠭᠤᠯᠤᠨ ᠮᠥᠷᠯᠡᠨ ᠳ᠋ᠤᠭᠠᠷᠯᠠᠵᠤ᠂ ︽ᠨᠢᠭᠡ ᠳᠤ ᠨᠢᠭᠡ︾ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠨᠡᠩ ᠰᠠᠶᠢᠨ ᠨᠡᠩ ᠲᠦᠷᠭᠡᠨ ᠤᠴᠢᠷ ᠶᠠᠪᠤᠳᠠᠯ ᠢ ᠰᠢᠢᠳᠪᠦᠷᠢᠯᠡᠵᠦ ᠥᠭᠴᠡᠢ᠃      ᠬᠠᠯᠠᠭᠤᠨ ᠳᠣᠲᠣᠨᠣ ᠮᠡᠨᠳᠦᠴᠢᠯᠡᠯ᠂ ᠬᠠᠯᠠᠭᠤᠨ ᠳᠣᠲᠣᠨᠣ ᠬᠠᠪᠰᠤᠷᠤᠯᠭ᠎ᠠ ᠨᠤᠭᠤᠳ ᠨᠢ ᠢᠯᠡ ᠲᠣᠳᠣ᠂ ᠵᠢᠷᠤᠮᠵᠢᠭᠤᠨ᠂ ᠪᠣᠯᠪᠠᠰᠤᠨ᠂ ᠡᠶ᠎ᠡ ᠵᠣᠬᠢᠴᠠᠯ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ ᠪᠣᠯᠭᠠᠵᠤ᠂ ︽ᠬᠠᠯᠠᠭᠤᠨ ᠳᠤᠯᠠᠭᠠᠨ︾ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠨ ᠬᠦ ᠬᠠᠩᠭᠠᠵᠤ᠂ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠪᠡᠯᠡᠭ ᠬᠦᠷᠭᠡᠭᠰᠡᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号