ᠴᠡᠴᠡᠷᠯᠢᠭ ᠤᠨ ᠪᠠᠭᠰᠢ ᠦᠷᠡᠯᠡ ᠶᠢᠨ ᠤᠷᠠᠨ ᠵᠢᠷᠤᠭ ᠤᠨ ᠶᠢᠷᠳᠢᠨᠴᠦ
ᠨᠡᠶᠢᠲᠡᠯᠡᠭᠰᠡᠨ ᠴᠠᠭ᠄
2021/4/29
     ᠵᠠᠷᠢᠮ ᠬᠦᠮᠦᠰ ᠠᠮᠢᠳᠤᠷᠠᠯ ᠢᠶᠠᠨ ᠢᠯᠡᠳᠭᠡᠬᠦ‍ ᠨᠢᠭᠡ ᠵᠦᠢᠯ ᠤᠨ ᠤᠷᠠᠯᠢᠭ  ᠪᠠᠶᠢᠳᠠᠭ ᠪᠤᠯ ᠤᠷᠠᠨ ᠵᠢᠷᠤᠭ ᠪᠠᠰᠠ ᠨᠢᠭᠡ ᠬᠦᠮᠦᠨ ᠤ ᠲᠦᠷᠦᠯᠬᠢ ᠶᠢᠨ ᠤᠷ᠎ᠠ ᠠᠪᠢᠶᠠᠰ ᠮᠦᠷᠳᠡᠭᠡᠨ ᠲᠤᠳᠤᠭᠠᠳᠦ ᠰᠡᠳᠬᠢᠯ ᠤᠨ ᠢᠯᠡᠳᠭᠡᠯ ᠪᠤᠯᠳᠠᠭ ᠪᠠᠶᠢᠨ᠎ᠠ᠃      ᠦᠷᠡᠯᠡ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠠᠴᠠ ᠪᠠᠨ ᠤᠷᠠᠨ ᠵᠢᠷᠤᠭ ᠤᠨ ᠮᠡᠷᠭᠡᠵᠢᠯ  ᠰᠤᠷᠴᠦ᠂2016 ᠤᠨ ᠳᠤ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠮᠡᠷᠭᠡᠵᠢᠯ ᠠᠴᠠ ᠠᠰᠫᠢᠷᠠᠨᠲ ᠤᠨ ᠴᠤᠯᠠ ᠬᠠᠮᠠᠭᠠᠯᠠᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ᠪᠠᠭᠰᠢ ᠪᠠᠷ ᠠᠵᠢᠯᠯᠠᠵᠠᠢ᠃      ᠠᠵᠢᠯᠯᠠᠭᠰᠠᠨ ᠬᠤᠶᠢᠨ᠎ᠠ ᠶᠠᠭᠠᠷᠠᠯᠳᠠᠢ ᠮᠦᠷᠳᠡᠭᠡᠨ ᠶᠠᠳᠠᠷᠠᠯ ᠲᠠᠢ ᠪᠠᠶᠢᠭᠰᠠᠨ  ᠴᠦ ᠦᠷᠡᠯᠡ ᠵᠢᠷᠤᠭ ᠵᠢᠷᠤᠬᠤ  ᠪᠠᠨ ᠲᠠᠶᠠᠭᠳᠠᠭ᠎ᠠ ᠦᠭᠡᠢ᠂ ᠤᠶᠢᠷ᠎ᠠ ᠤᠷᠴᠢᠮ ᠤᠨ ᠦᠵᠡᠵᠦ ᠬᠠᠷᠠᠭᠰᠠᠨ ᠵᠦᠢᠯ ᠪᠤᠶᠤ ᠠᠩᠭᠢ ᠶᠢᠨ  ᠬᠦᠭᠡᠷᠦᠬᠦᠨ ᠬᠡᠥᠬᠡᠳ ᠤᠳ ᠢᠶᠠᠨ ᠠᠳᠠᠯᠢ ᠪᠤᠰᠤ ᠬᠠᠷᠠᠭᠠᠰᠤ ᠠᠴᠠ ᠵᠢᠷᠤᠬᠤ ᠨᠢ ᠲᠡᠭᠦᠨ ᠤ ᠨᠢᠭᠡ ᠰᠠᠶᠢᠬᠠᠨ ᠰᠡᠳᠦᠪ ᠪᠤᠯᠳᠠᠭ ᠪᠢᠯᠡ᠃      ᠦᠷᠡᠯᠡ ᠶᠢᠨ ᠤᠷᠠᠨ ᠵᠢᠷᠤᠭ ᠤᠨ ᠤᠯᠠᠨ ᠪᠦᠳᠦᠭᠡᠯ ᠠᠴᠠ ᠲᠤᠷᠠᠳᠴᠦ ᠶᠠᠷᠢᠪᠠᠯ᠂2020 ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠦᠨᠳᠦ ᠬᠡᠴᠡᠭᠦᠦ ᠴᠠᠭ ᠦᠶ᠎ᠡ ᠳᠤ ᠲᠡᠷᠡ ᠡᠳᠦᠷ ᠰᠦᠨᠢ ᠦᠭᠡᠢ ᠠᠵᠢᠯ  ᠤᠨ ᠪᠠᠶᠢᠷᠢ ᠲᠡᠭᠡᠷ᠎ᠡ ᠪᠠᠨ ᠤᠯᠠᠨ ᠲᠦᠮᠡᠨ ᠤ ᠠᠮᠢ ᠨᠠᠰᠦ ᠠᠮᠦᠷ ᠲᠦᠪᠰᠢᠨ ᠤ ᠲᠦᠯᠦᠭᠡ  ᠴᠢᠷᠮᠠᠶᠢᠨ ᠠᠵᠢᠯᠯᠠᠵᠦ ᠪᠠᠶᠢᠭ᠎ᠠ ᠬᠦᠮᠦᠰ ᠲᠤ ᠬᠦᠨᠳᠦᠳᠭᠡᠯ ᠲᠡᠪᠰᠢᠭᠦᠯᠬᠦ ᠶᠢᠨ ᠡᠭᠦᠳᠡᠨ ᠠᠴᠠ ︽ᠬᠢᠵᠢᠭ ᠤᠨ ᠪᠠᠶᠢᠴᠠᠭᠠᠯᠳᠠ ᠶᠢᠨ ᠴᠡᠭ︾  ᠭᠡᠬᠦ ᠰᠡᠳᠦᠪ ᠲᠠᠢ ᠵᠢᠷᠤᠭ ᠢ ᠮᠠᠰᠢ ᠲᠦᠷᠰᠦᠯᠢᠭ ᠵᠢᠷᠦᠵᠦ ᠬᠦᠮᠦᠰ ᠤᠨ ᠰᠡᠳᠬᠢᠯ ᠢ ᠬᠦᠳᠡᠯᠭᠡᠭᠰᠡᠨ ᠪᠠᠶᠢᠨ᠎ᠠ᠃      ᠤᠷᠴᠢᠮᠬᠠᠨ ᠦᠷᠡᠯᠡ ᠪᠠᠰᠠ ᠨᠠᠮ ᠪᠠᠶᠢᠭᠤᠯᠤᠭᠳᠠᠭᠰᠠᠨ100 ᠵᠢᠯ ᠤᠨ ᠤᠢ ᠳᠤ ᠵᠤᠷᠢᠭᠤᠯᠵᠦ᠂ ᠨᠠᠮ ᠤᠨ ᠲᠤᠶᠠᠭᠠᠯᠠᠯ ᠲᠤᠤᠷ᠎ᠠ ᠤᠯᠤᠰ ᠤᠷᠤᠨ ᠮᠠᠨᠢ ᠬᠦᠴᠦᠷᠬᠡᠭᠵᠢᠨ ᠬᠦᠭᠵᠢᠵᠦ᠂ ᠬᠦᠮᠦᠨ ᠠᠷᠠᠳ ᠨᠢ ᠡᠩᠭᠡ ᠲᠠᠶᠢᠪᠤᠩ ᠵᠤᠯ ᠵᠢᠷᠭᠠᠯ ᠲᠠᠢ ᠪᠠᠶᠢᠬᠤ ᠶᠢ ᠢᠯᠡᠳᠭᠡᠭᠰᠡᠨ ᠵᠢᠷᠤᠭ ᠪᠠᠨ ᠵᠢᠷᠦᠵᠦ᠂ ᠦᠪᠡᠷ ᠤᠨ ᠠᠷᠭ᠎ᠠ ᠬᠡᠯᠪᠡᠷᠢ ᠪᠠᠷ ᠢᠶᠠᠨ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠪᠠᠷ ᠪᠤᠢ᠃      ᠬᠤᠶᠢᠰᠢᠳᠠ ᠶᠢᠨ ᠠᠵᠢᠯ ᠠᠮᠢᠳᠤᠷᠠᠯ ᠲᠤᠮᠳᠠ ᠪᠠᠨ ᠦᠷᠡᠯᠡ ᠦᠰᠪᠦᠷᠢ ᠬᠡᠥᠬᠡᠳ ᠲᠤ ᠬᠦᠮᠦᠨ ᠪᠤᠯᠬᠤ ᠤᠬᠠᠭᠠᠨ ᠢ ᠲᠠᠨᠢᠭᠤᠯᠵᠦ ᠦᠪᠡᠷ ᠤᠨ ᠦᠢᠯᠡᠰ ᠪᠠ ᠮᠡᠷᠭᠡᠵᠢᠯ ᠢᠶᠠᠨ ᠤᠶᠠᠯᠳᠤᠭᠤᠯᠤᠨ ᠨᠡᠩ  ᠬᠤᠯᠠ ᠶᠢᠨ ᠬᠦᠰᠡᠯ ᠲᠡᠮᠡᠥᠯᠡᠯ ᠲᠠᠢ ᠮᠠᠷᠡᠶᠢᠵᠦ ᠶᠠᠪᠦᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号