ᠪᠥᠬᠦ ᠬᠤᠰᠢᠭᠤᠨ ᠤ ᠬᠡᠪᠴᠢᠶᠡᠨ ᠳᠤ ᠨᠤᠲᠤᠭ ᠪᠡᠯᠴᠢᠭᠡᠷ ᠤᠶᠢᠳᠤ ᠭᠠᠵᠠᠷ ᠢ ᠡᠪᠳᠡᠭᠰᠡᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2021/4/9
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠪᠠᠨ ᠡᠬᠢᠯᠡᠨ 2021 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠨᠤᠲᠤᠭ ᠪᠡᠯᠴᠢᠭᠡᠷ ᠤᠶᠢᠳᠤ ᠭᠠᠵᠠᠷ ᠢ ᠡᠪᠳᠡᠭᠰᠡᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠨᠢᠭᠡ ᠵᠢᠯ ᠤᠨ ᠬᠤᠭᠤᠴᠠᠭ᠎ᠠ ᠲᠠᠢ ᠥᠷᠨᠢᠭᠦᠯᠬᠦ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠤᠴᠢᠷ ᠢ ᠵᠠᠷᠯᠠᠶ᠎ᠠ᠄      ᠨᠢᠭᠡ᠂ ᠴᠡᠭᠴᠡᠯᠡᠨ ᠵᠠᠰᠠᠬᠤ ᠠᠰᠠᠭᠤᠳᠠᠯ         ︵ᠨᠢᠭᠡ︶ ᠨᠤᠲᠤᠭ ᠪᠡᠯᠴᠢᠭᠡᠷ ᠤᠶᠢᠳᠤ ᠭᠠᠵᠠᠷ ᠢ ᠬᠠᠤᠯᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠵᠡᠷᠭᠡ ᠡᠯ᠎ᠡ ᠲᠥᠷᠥᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠤᠶᠢᠳᠤ ᠭᠠᠵᠠᠷ ᠢ ᠡᠵᠡᠯᠡᠨ ᠬᠡᠷᠡᠭᠯᠡᠵᠦ ᠪᠠᠶᠢᠭ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠨ᠎ᠠ᠃ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠤᠲᠤᠭ ᠪᠡᠯᠴᠢᠭᠡᠷ ᠣᠶᠢᠲᠤ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠨᠡᠷ᠎ᠡ ᠪᠠᠷ ᠭᠠᠷᠳᠠᠮ ᠭᠦᠢᠴᠡᠳᠬᠡᠵᠤ᠂ ᠤᠷᠲᠤ ᠬᠤᠭᠤᠴᠠᠭ᠎ᠠ ᠪᠠᠷ ᠡᠵᠡᠯᠡᠨ ᠬᠡᠷᠡᠭᠯᠡᠬᠦ ᠠᠰᠠᠭᠤᠳᠠᠯ ᠢ ᠴᠡᠭᠴᠡᠯᠡᠨ ᠵᠠᠰᠠᠨ᠎ᠠ᠃ ᠡᠯ᠎ᠡ ᠲᠥᠷᠥᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠴᠥᠭᠡᠨ ᠵᠦᠪᠰᠢᠶᠡᠷᠡᠭᠦᠯᠵᠤ ᠣᠯᠠᠨ ᠡᠵᠡᠯᠡᠬᠦ᠂ ᠪᠠᠷᠢᠮᠵᠢᠶᠠᠨ ᠤ ᠬᠡᠪᠴᠢᠶ᠎ᠡ ᠶᠣᠰᠣᠭᠠᠷ ᠨᠤᠲᠤᠭ ᠪᠡᠯᠴᠢᠭᠡᠷ ᠣᠶᠢᠲᠤ ᠭᠠᠵᠠᠷ ᠢ ᠡᠵᠡᠯᠡᠨ ᠬᠡᠷᠡᠭᠯᠡᠭᠰᠡᠨ ᠥᠬᠡᠶ ᠠᠰᠠᠭᠤᠳᠠᠯ ᠢ ᠴᠡᠭᠴᠡᠯᠡᠨ ᠵᠠᠰᠠᠨ᠎ᠠ᠃ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠤ ᠳᠠᠷᠠᠭ᠎ᠠ᠂ ᠤᠷᠭᠤᠮᠠᠯ ᠤᠨ ᠪᠦᠷᠬᠦᠴᠡ ᠶᠢ ᠰᠡᠷᠭᠦᠭᠡᠭᠰᠡᠨ ᠥᠬᠡᠶ ᠪᠤᠶᠤ ᠭᠠᠷᠳᠠᠮ ᠭᠦᠢᠴᠡᠳᠬᠡᠭᠰᠡᠨ ᠥᠬᠡᠶ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠭᠰᠠᠨ ᠥᠬᠡᠶ ᠵᠡᠷᠭᠡ ᠠᠰᠠᠭᠤᠳᠠᠯ ᠢ ᠴᠡᠭᠴᠡᠯᠡᠨ ᠵᠠᠰᠠᠨ᠎ᠠ᠃      ︵ᠬᠤᠶᠠᠷ︶ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠬᠠᠭᠠᠯᠪᠤᠷᠢᠯᠠᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠨ᠎ᠠ᠃ ᠬᠠᠤᠯᠢ ᠲᠣᠭᠲᠠᠭᠠᠯ ᠠᠴᠠ  ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠬᠠᠭᠠᠯᠪᠤᠷᠢᠯᠠᠭᠰᠠᠨ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠣᠯᠠᠨᠲᠠ ᠰᠤᠷᠭᠠᠪᠠᠴᠤ ᠦᠯᠦ ᠥᠭᠡᠷᠡᠴᠢᠯᠡᠬᠦ᠂ ᠣᠯᠠᠨᠲᠠ ᠴᠠᠭᠠᠵᠠᠯᠠᠭᠰᠠᠨ ᠴᠤ ᠦᠯᠦ ᠵᠣᠭᠰᠣᠭᠠᠬᠤ ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ︽ᠬᠠᠳᠠᠭᠠᠰᠤᠨ ᠡᠷᠦᠬᠡ︾᠂ ︽ᠲᠣᠮᠣ ᠡᠷᠦᠬᠡ︾ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠠᠯᠪᠠᠨ ᠲᠤᠰᠢᠶᠠᠯᠲᠠᠳ ᠤᠨ ᠣᠷᠣᠯᠴᠠᠬᠤ ᠪᠤᠶᠤ ᠪᠤᠰᠤᠳ ᠤᠨ ᠨᠡᠷ᠎ᠡ ᠪᠠᠷ ᠨᠤᠲᠤᠭ ᠪᠡᠯᠴᠢᠭᠡᠷ ᠣᠶᠢᠲᠤ ᠭᠠᠵᠠᠷ ᠢ ᠬᠠᠭᠠᠯᠪᠤᠷᠢᠯᠠᠨ ᠠᠰᠢᠭᠯᠠᠬᠤ ᠳᠤ ᠣᠷᠣᠯᠴᠠᠬᠤ ᠵᠢᠴᠢ ᠥᠮᠥᠭᠯᠡᠨ ᠬᠠᠮᠠᠭᠠᠯᠠᠬᠤ᠂ ︽ᠬᠠᠮᠠᠭᠠᠯᠠᠭᠴᠢ︾ ᠪᠣᠯᠬᠤ ᠠᠰᠠᠭᠤᠳᠠᠯ ᠢ ᠴᠡᠭᠴᠡᠯᠡᠨ ᠵᠠᠰᠠᠨ᠎ᠠ᠃      ︵ᠭᠤᠷᠪᠠ︶ ᠪᠤᠬᠢᠷᠳᠤᠯ ᠪᠤᠳᠠᠰ ᠢ ᠳᠤᠷ᠎ᠠ ᠪᠠᠷ ᠭᠠᠳᠠᠭᠰᠢᠯᠠᠭᠤᠯᠵᠤ ᠳᠤᠷ᠎ᠠ ᠪᠠᠷ ᠪᠤᠯᠠᠵᠤ ᠨᠤᠲᠤᠭ ᠪᠡᠯᠴᠢᠭᠡᠷ ᠣᠶᠢᠲᠤ ᠭᠠᠵᠠᠷ ᠢ ᠪᠣᠬᠢᠷᠲᠤᠭᠤᠯᠤᠭᠰᠠᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠨ᠎ᠠ᠃ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠪᠣᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠤᠰᠤ ᠬᠠᠶᠠᠭᠳᠠᠮᠠᠯ ᠰᠢᠭᠠᠷᠤ᠂ ᠨᠠᠷᠢᠨ ᠲᠣᠭᠤᠰᠣ ᠪᠣᠯᠤᠨ ᠬᠠᠶᠠᠭᠳᠠᠮᠠᠯ ᠪᠣᠳᠠᠰ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠮᠢᠳᠤᠷᠠᠯ ᠤᠨ ᠪᠣᠬᠢᠷ ᠤᠰᠤ᠂ ᠬᠤᠭ ᠨᠣᠪᠰᠢ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠵᠡᠷᠭᠡ ᠶᠢ ᠳᠤᠷ᠎ᠠ ᠪᠠᠷ ᠬᠠᠶᠠᠵᠤ ᠳᠤᠷ᠎ᠠ ᠪᠠᠷ ᠪᠤᠯᠠᠭᠠᠳ ᠨᠤᠲᠤᠭ ᠪᠡᠯᠴᠢᠭᠡᠷ ᠣᠶᠢᠲᠤ ᠭᠠᠵᠠᠷ ᠢ ᠪᠣᠬᠢᠷᠲᠤᠭᠤᠯᠤᠭᠰᠠᠨ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠨ᠎ᠠ᠃      ︵ᠳᠥᠷᠪᠡ︶ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠨᠢ ᠪᠣᠳᠠᠲᠠᠶ ᠪᠢᠰᠢ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠨ᠎ᠠ᠃ ᠨᠢᠭᠡᠨᠲᠡ ᠪᠠᠶᠢᠴᠠᠭᠠᠨ ᠰᠢᠢᠳᠪᠦᠷᠢᠯᠡᠭᠰᠡᠨ ᠨᠤᠲᠤᠭ ᠪᠡᠯᠴᠢᠭᠡᠷ ᠣᠶᠢᠲᠤ ᠭᠠᠵᠠᠷ ᠢ ᠵᠦᠪᠰᠢᠶᠡᠷᠡᠯ ᠦᠭᠡᠢ ᠪᠠᠷ ᠤᠷᠢᠳᠠᠪᠠᠷ ᠡᠵᠡᠯᠡᠭᠰᠡᠨ᠂ ᠳᠤᠷ᠎ᠠ ᠪᠠᠷ ᠢᠶᠠᠨ ᠮᠠᠯᠲᠠᠭᠰᠠᠨ ᠪᠠ ᠳᠤᠷ᠎ᠠ ᠪᠠᠷ ᠢᠶᠠᠨ ᠬᠠᠭᠠᠯᠪᠤᠷᠢᠯᠠᠭᠰᠠᠨ᠂ ᠨᠤᠲᠤᠭ ᠪᠡᠯᠴᠢᠭᠡᠷ ᠣᠶᠢᠲᠤ ᠭᠠᠵᠠᠷ ᠢ ᠪᠣᠬᠢᠷᠲᠤᠭᠤᠯᠤᠨ ᠡᠪᠳᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠬᠡᠷᠡᠭ ᠲᠤ᠂ ᠵᠠᠷᠢᠮ ᠬᠠᠤᠯᠢ ᠬᠡᠷᠡᠭᠵᠢᠭᠦᠯᠬᠦ ᠠᠵᠢᠯᠲᠠᠨ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠣ᠂ ᠬᠡᠷᠡᠭ ᠢ ᠵᠦᠶ ᠵᠣᠬᠢᠰ ᠥᠬᠡᠶ ᠰᠢᠳᠬᠡᠭᠰᠡᠨ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠭᠰᠡᠨ᠂ ᠲᠤᠷᠭᠠᠬᠤ ᠪᠠᠷ ᠡᠷᠡᠭᠦᠦ ᠰᠢᠳᠬᠡᠯ ᠢ ᠣᠷᠣᠯᠠᠭᠤᠯᠤᠭᠰᠠᠨ ᠵᠡᠷᠭᠡ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠨ᠎ᠠ᠃      ᠬᠤᠶᠠᠷ᠂ ᠴᠡᠭᠴᠡᠯᠡᠨ ᠵᠠᠰᠠᠬᠤ ᠱᠠᠭᠠᠷᠳᠠᠯᠭ᠎ᠠ      ︵ᠨᠢᠭᠡ︶ ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠳᠡᠭᠡᠷ᠎ᠡ ᠳᠤᠷᠠᠳᠤᠭᠰᠠᠨ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠤᠶᠢᠳᠤ ᠭᠠᠵᠠᠷ ᠢ ᠡᠪᠳᠡᠭᠰᠡᠨ ᠳᠥᠷᠪᠡᠨ ᠲᠥᠷᠥᠯ ᠤᠨ ᠦᠢᠯᠡ ᠠᠵᠢᠯᠯᠠᠭ᠎ᠠ ᠣᠷᠣᠰᠢᠵᠤ ᠪᠠᠶᠢᠪᠠᠯ ᠡᠷᠬᠡᠪᠰᠢ ᠳᠠᠷᠦ᠋ᠢᠬᠠᠨ ᠵᠣᠭᠰᠣᠭᠠᠬᠤ ᠬᠡᠷᠡᠭᠲᠡᠶ᠃      ︵ᠬᠤᠶᠠᠷ︶ 2010 ᠣᠨ ᠠᠴᠠ ᠬᠤᠶᠢᠰᠢ ᠳᠡᠭᠡᠷ᠎ᠡ ᠳᠤᠷᠠᠳᠤᠭᠰᠠᠨ ᠳᠥᠷᠪᠡᠨ ᠲᠥᠷᠥᠯ ᠤᠨ ᠴᠡᠭᠴᠡᠯᠡᠨ ᠵᠠᠰᠠᠬᠤ ᠠᠰᠠᠭᠤᠳᠠᠯ ᠣᠷᠣᠰᠢᠵᠤ ᠪᠠᠶᠢᠭ᠎ᠠ ᠨᠢᠭᠡᠴᠡ ᠪᠤᠶᠤ ᠬᠤᠪᠢ ᠬᠥᠮᠦᠨ ᠲᠣᠰ ᠠᠯᠪᠠᠨ ᠵᠠᠷᠯᠠᠯ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠲᠤᠰᠬᠠᠶ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠳᠤ ᠮᠡᠳᠡᠭᠦᠯᠬᠦ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠢᠳᠡᠪᠬᠢᠲᠡᠶ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠬᠠᠤᠯᠢ ᠲᠣᠭᠲᠠᠭᠠᠯ ᠢ ᠦᠨᠳᠦᠰᠦᠯᠡᠨ ᠬᠥᠩᠭᠡᠨ ᠢᠶᠠᠷ ᠰᠢᠳᠬᠡᠬᠦ ᠪᠤᠶᠤ ᠬᠥᠩᠭᠡᠷᠡᠭᠦᠯᠦᠨ ᠰᠢᠳᠬᠡᠨ ᠲᠤᠷᠭᠠᠨ᠎ᠠ᠃ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠦᠭᠡᠶ᠂ ᠦᠷᠭᠦᠯᠵᠢᠯᠡᠨ ᠬᠠᠤᠯᠢ ᠲᠤᠭᠳᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠢ ᠪᠠᠶᠢᠴᠠᠭᠠᠨ ᠣᠯᠪᠠᠯ ᠬᠦᠨᠳᠦ ᠪᠠᠷ ᠰᠢᠳᠬᠡᠨ ᠲᠤᠷᠭᠠᠨ᠎ᠠ᠃      ︵ᠭᠤᠷᠪᠠ︶ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠡᠯ᠎ᠡ ᠰᠤᠮᠤ ᠰᠢᠶᠠᠩ  ᠪᠠᠯᠭᠠᠰᠤᠨ ᠤ ᠪᠠᠶᠢᠴᠠᠭᠠᠬᠤ ᠠᠵᠢᠯ ᠤᠨ ᠳᠤᠭᠤᠶᠢᠯᠠᠩ ᠨᠢ ᠬᠠᠷᠢᠶ᠎ᠠ ᠣᠷᠣᠨ ᠤ ᠪᠠᠨ ᠳᠣᠲᠣᠷᠠᠬᠢ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠪᠠᠶᠢᠴᠠᠭᠠᠵᠤ ᠢᠯᠭᠠᠷᠠᠭᠤᠯᠤᠨ ᠴᠡᠭᠴᠡᠯᠡᠵᠦ᠂ ᠡᠨᠡᠬᠦ ᠬᠠᠤᠯᠢ ᠵᠦᠷᠢᠴᠡᠭᠰᠡᠨ ᠠᠵᠢᠯᠯᠠᠭ᠎ᠠ ᠦᠷᠭᠦᠯᠵᠢᠯᠡᠬᠦ ᠬᠠᠨᠳᠤᠰᠢ ᠶᠢ ᠡᠷᠡᠰ ᠬᠤᠷᠢᠭᠯᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠶᠢᠳᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ᠭᠤᠷᠪᠠ᠂ ᠢᠯᠡᠴᠢᠯᠡᠨ ᠮᠡᠳᠡᠭᠦᠯᠬᠦ ᠬᠢᠨᠠᠯᠳᠠ      ᠰᠤᠷᠪᠤᠯᠵᠢᠯᠠᠯ ᠬᠦᠯᠢᠶᠡᠬᠦ ᠭᠠᠵᠠᠷ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ︵ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠳᠤᠬᠠᠠᠭᠠᠯᠭ᠎ᠠ ᠪᠠᠯᠭᠠᠰᠤᠨ ᠤ ᠪᠠᠳᠤᠬᠠᠭᠠᠯᠭ᠎ᠠ ᠶᠡᠭᠡ ᠵᠡᠭᠡᠯᠢ ᠶᠢᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠵᠢᠰᠢᠭᠦᠦ ᠲᠠᠯ᠎ᠠ︶      ᠢᠯᠡᠴᠢᠯᠡᠨ ᠮᠡᠳᠡᠭᠦᠯᠬᠦ ᠤᠳᠠᠰᠤ᠄ 0472 — 8423850      ᠬᠦᠯᠢᠶᠠᠨ ᠠᠪᠬᠤ ᠴᠠᠭ᠄  ᠠᠵᠢᠯᠯᠠᠬᠤ ᠡᠳᠦᠷ ︵ᠭᠠᠷᠠᠭ ᠪᠤᠯᠭᠠᠨ ᠤ ᠨᠢᠭᠡᠨ ᠠᠴᠠ ᠲᠠᠪᠤᠨ︶᠂ ᠦᠳᠡ ᠶᠢᠨ ᠡᠮᠦᠨ᠎ᠡ 9᠄ 00  — 12᠄ 00᠂   ᠦᠳᠡ ᠶᠢᠨ ᠬᠤᠶᠢᠨ᠎ᠡ 14᠄ 30 — 17᠄ 00      ᠢᠯᠡᠴᠢᠯᠡᠨ ᠮᠡᠳᠡᠭᠦᠯᠬᠦ ᠢᠮᠧᠯ᠄ dmqlyj@163.com      ᠨᠡᠶᠢᠭᠡᠮ ᠤᠨ ᠡᠯ᠎ᠡ ᠡᠲᠡᠭᠡᠳ ᠪᠣᠯᠤᠨ ᠣᠯᠠᠨ ᠲᠦᠮᠡᠨ ᠠᠴᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠦᠨᠡᠨ ᠪᠣᠳᠠᠲᠠᠶ ᠪᠠᠷ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠤᠰᠢᠭᠤᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠤᠴᠢᠷ ᠶᠠᠪᠤᠳᠠᠯ ᠢ ᠬᠤᠳᠠᠯ ᠢᠶᠠᠷ ᠵᠣᠬᠢᠶᠠᠬᠤ᠂ ᠪᠤᠰᠤᠳ ᠢ ᠭᠦᠳᠬᠡᠬᠦ ᠵᠡᠷᠭᠡ ᠮᠠᠭᠤ ᠰᠠᠨᠠᠭ᠎ᠠ ᠲᠠᠢ ᠪᠠᠷ ᠢᠯᠡᠴᠢᠯᠡᠨ ᠮᠡᠳᠡᠭᠦᠯᠦᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠲᠣᠳᠣᠯᠠᠭᠰᠠᠨ ᠤ ᠳᠠᠷᠠᠭ᠎ᠠ ᠢᠯᠡᠴᠢᠯᠡᠨ ᠮᠡᠳᠡᠭᠦᠯᠦᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠨ᠎ᠡ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号