ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ | ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠠᠵᠢᠯ ᠢ | ᠪᠠᠶᠢᠷᠢᠯᠠᠭᠤᠯᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠣᠳᠣᠬᠤ ᠬᠠᠤᠯᠢ ︵ᠵᠠᠰᠠᠪᠤᠷᠢ | ᠣᠷᠣᠭᠤᠯᠤᠭᠰᠠᠨ ᠲᠥᠰᠦᠯ︶︾ ᠶᠢ ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 6 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠮᠤ | ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠠᠵᠢᠯ ᠢ ᠪᠠᠶᠢᠷᠢᠯᠠᠭᠤᠯᠪᠠ︔ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ ︵ᠵᠠᠰᠠᠪᠤᠷᠢ ᠣᠷᠣᠭᠤᠯᠤᠭᠰᠠᠨ | ᠲᠥᠰᠦᠯ︶︾ ᠶᠢ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠨᠢ ᠤᠯᠤᠰ ᠤᠨ ᠠᠮᠤᠷ | ᠲᠦᠪᠰᠢᠨ ᠪᠣᠯᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠨᠠᠮ ᠤᠨ ᠲᠥᠪ ᠬᠤᠷᠢᠶ᠎ᠠ | ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠵᠢᠯ ᠤᠳ ᠲᠤ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠯᠠᠩ ᠤᠨ ᠦᠢᠯᠡᠳᠪᠦᠷᠢᠯᠡᠯ ᠢ ᠪᠥᠬᠦ | ᠬᠦᠴᠦᠨ ᠢᠶᠠᠷ ᠰᠠᠶᠢᠲᠤᠷ ᠠᠳᠬᠤᠭᠰᠠᠨ ᠠᠴᠠ ᠠᠮᠤ ᠪᠤᠳᠠᠭ᠎ᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠦᠢᠴᠡᠳ ᠬᠠᠩᠭᠠᠯᠲᠠ ᠲᠠᠢ ᠪᠣᠯᠵᠤ᠂ ᠠᠮᠤ ᠪᠤᠳᠠᠭ᠎ᠠ ᠶᠢ | ᠦᠨᠳᠦᠰᠦᠨ ᠳᠤ ᠪᠠᠨ ᠥᠪᠡᠷ ᠢᠶᠠᠨ ᠬᠠᠩᠭᠠᠵᠤ᠂ ᠠᠮᠤ ᠬᠦᠨᠡᠰᠦ ᠬᠠᠷᠢᠴᠠᠯᠠᠰᠢᠭᠦᠢ ᠠᠮᠤᠷ ᠲᠦᠪᠰᠢᠨ ᠪᠠᠶᠢᠬᠤ ᠶᠢ | ᠭᠦᠢᠴᠡᠳᠬᠡᠵᠦ᠂ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠶᠢ ᠠᠬᠢᠭᠤᠯᠬᠤ᠂ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠲᠠᠭᠠᠷᠢᠯᠲᠠ ᠶᠢ ᠪᠦᠲᠦᠮᠵᠢᠲᠡᠶ ᠠᠷᠭᠠᠴᠠᠭᠠᠬᠤ ᠳᠤ ᠪᠠᠲᠤ ᠴᠢᠩᠭ᠎ᠠ | ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠨᠡ ᠵᠢᠯ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠰᠠᠭᠤᠷᠢ | ᠨᠡᠯᠢᠶᠡᠳ ᠰᠠᠶᠢᠨ ᠪᠠᠶᠢᠵᠤ᠂ ᠡᠪᠦᠯ ᠤᠨ ᠪᠣᠭᠤᠳᠠᠶ ᠶᠢᠨ ᠡᠵᠡᠯᠡᠬᠦ ᠲᠠᠯᠠᠪᠠᠶ ᠨᠢ ᠣᠶᠢᠷ᠎ᠠ ᠶᠢᠨ 4 ᠵᠢᠯ ᠤᠨ ᠲᠤᠷᠰᠢ | ᠠᠩᠬ᠎ᠠ ᠤᠳᠠᠭ᠎ᠠ ᠨᠡᠮᠡᠭᠳᠡᠯ ᠲᠠᠢ ᠪᠠᠶᠢᠬᠤ ᠶᠢ ᠪᠡᠶᠡᠯᠡᠭᠦᠯᠵᠦ᠂ ᠤᠷᠭᠤᠴᠠ ᠶᠢᠨ ᠪᠠᠶᠢᠳᠠᠯ ᠨᠢ ᠨᠢᠳᠤᠨᠤᠨ ᠵᠢᠯ ᠪᠠ | ᠡᠩ ᠤᠨ ᠵᠢᠯ ᠤᠨ ᠬᠢ ᠠᠴᠠ ᠰᠠᠶᠢᠨ ᠪᠠᠶᠢᠵᠤ᠂ ᠵᠣᠨ ᠤ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠤᠯᠬᠤ | ᠪᠣᠯᠤᠮᠵᠢ ᠲᠠᠢ ᠪᠠᠶᠢᠨ᠎ᠠ᠃ ᠬᠠᠪᠤᠷ ᠤᠨ ᠲᠠᠷᠢᠶᠠᠯᠠᠭ᠎ᠠ ᠤᠷᠤᠭᠰᠢᠲᠠᠶ ᠶᠠᠪᠤᠭᠳᠠᠵᠤ᠂ ᠡᠷᠲᠡ ᠲᠠᠷᠢᠭᠰᠠᠨ | ᠲᠤᠲᠤᠷᠭ᠎ᠠ ᠶᠢᠨ ᠡᠵᠡᠯᠡᠬᠦ ᠲᠠᠯᠠᠪᠠᠢ ᠨᠢ ᠲᠣᠭᠲᠠᠭᠤᠨ ᠪᠠᠶᠢᠳᠠᠯ ᠢ ᠪᠠᠲᠤᠯᠠᠪᠠ᠃ ᠪᠦᠬᠦ ᠵᠢᠯ ᠤᠨ ᠠᠮᠤ ᠪᠤᠳᠠᠭᠠᠨ ᠤ | ᠬᠠᠨᠳᠤᠯᠭ᠎ᠠ ᠲᠠᠢ ᠪᠠᠷ ᠲᠠᠷᠢᠬᠤ ᠲᠠᠯᠠᠪᠠᠢ ᠤᠯᠠᠮ ᠨᠢᠭᠡ ᠠᠯᠬᠤᠮ ᠥᠷᠭᠡᠳᠪᠡ᠂ ᠡᠭᠦᠨ ᠤ ᠳᠣᠲᠣᠷ᠎ᠠ ᠡᠷᠳᠡᠨᠢ | ᠰᠢᠰᠢ ᠶᠢᠨ ᠡᠵᠡᠯᠡᠬᠦ ᠲᠠᠯᠠᠪᠠᠢ ᠨᠢᠳᠤᠨᠤᠨ ᠤ ᠬᠢ ᠠᠴᠠ ᠨᠡᠮᠡᠭᠳᠡᠪᠡ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ | ᠨᠢᠭᠡ ᠳᠤ᠂ ᠠᠮᠤ ᠪᠤᠳᠠᠭᠠᠨ ᠤ ᠬᠤᠷᠢᠶᠠᠯᠲᠠ ᠶᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠶᠢ ᠥᠴᠦᠬᠡᠨ ᠴᠦ | ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠲᠤᠲᠤᠷᠭ᠎ᠠ ᠪᠤᠭᠤᠳᠠᠢ ᠬᠤᠳᠠᠯᠳᠤᠨ ᠠᠪᠬᠤ ᠨᠠᠭᠠᠳᠤ | ᠵᠠᠬ᠎ᠠ ᠶᠢᠨ ᠦᠨ᠎ᠡ ᠶᠢ ᠪᠠᠲᠤᠯᠠᠬᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠳᠤ ᠨᠥᠬᠦᠪᠥᠷᠢ ᠥᠭᠬᠦ | ᠵᠡᠷᠭᠡ ᠲᠦᠷᠦ ᠶᠢᠨ ᠪᠤᠳᠤᠯᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠭᠤᠷᠪᠠᠨ ᠶᠡᠭᠡ ᠠᠮᠤ ᠪᠤᠳᠠᠭᠠᠨ ᠤ | ᠲᠠᠷᠢᠮᠠᠯ ᠤᠨ ᠪᠦᠷᠢᠮᠦᠰᠦᠨ ᠥᠪᠡᠷ ᠤᠨ ᠦᠷᠳᠡᠭ ᠤᠨ ᠳᠠᠭᠠᠳᠬᠠᠯ ᠪᠠ ᠣᠷᠣᠯᠭ᠎ᠠ ᠶᠢᠨ ᠳᠠᠭᠠᠳᠬᠠᠯ ᠤᠨ | ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠵᠦ᠂ ᠲᠠᠷᠢᠶᠠᠴᠢᠳ ᠢ ᠲᠠᠷᠢᠶ᠎ᠠ ᠲᠠᠷᠢᠪᠠᠯ ᠣᠯᠵᠠᠪᠤᠷᠢ ᠲᠠᠢ | ᠪᠣᠯᠭᠠᠬᠤ ᠬᠡᠷᠡᠭᠲᠡᠢ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠪᠠ ᠮᠤᠵᠢ ᠶᠢᠨ ᠱᠠᠲᠤᠨ ᠤ | ᠨᠢᠭᠡᠳᠦᠯᠲᠡᠶ ᠲᠥᠯᠥᠪᠯᠡᠭᠰᠡᠨ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠶᠢᠨ ᠬᠡᠷᠡᠭᠯᠡᠯᠲᠡ | ᠵᠡᠷᠭᠡ ᠲᠠᠯ᠎ᠠ ᠪᠠᠷ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠳᠤ ᠬᠡᠯᠪᠠᠶᠢᠯᠭᠡᠬᠦ ᠬᠡᠷᠡᠭᠲᠡᠢ᠃ ᠣᠷᠣᠨ ᠨᠤᠲᠤᠭ ᠤᠨ | ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠤᠨ ᠬᠠᠮᠢᠶᠠᠷᠤᠯᠲᠠ ᠪᠠ ᠵᠤᠨ ᠤ ᠬᠤᠷᠢᠶᠠᠯᠲᠠ ᠵᠤᠨ ᠤ ᠲᠠᠷᠢᠶᠠᠯᠠᠭ᠎ᠠ ᠶᠢ ᠰᠢᠮᠳᠠᠭᠤᠯᠤᠨ | ᠴᠢᠩᠭᠠᠳᠬᠠᠵᠤ᠂ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠨ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠤᠨ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠠᠵᠢᠯ ᠢ ᠳᠣᠪᠤᠶᠢᠯᠭᠠᠨ ᠰᠠᠶᠢᠲᠤᠷ ᠠᠳᠬᠤᠬᠤ ᠬᠡᠷᠡᠭᠲᠡᠢ᠃ ᠦᠶᠡᠷ ᠤᠰᠤᠲᠤᠯ ᠢ ᠰᠡᠷᠭᠡᠶᠢᠯᠡᠨ | ᠭᠠᠩ ᠬᠠᠭᠰᠠᠷᠠᠭᠠᠨ ᠢ ᠡᠰᠡᠷᠭᠦᠴᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ | ᠠᠮᠤ ᠪᠤᠳᠠᠭ᠎ᠠ ᠬᠤᠳᠠᠯᠳᠤᠨ ᠠᠪᠬᠤ᠂ ᠨᠥᠭᠡᠴᠡᠯᠡᠬᠦ ᠪᠠ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠬᠢᠬᠦ ᠠᠵᠢᠯ ᠢ | ᠰᠠᠢᠲᠤᠷ ᠬᠢᠵᠦ᠂ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠠᠮᠤ | ᠪᠤᠳᠠᠭ᠎ᠠ ᠬᠥᠮᠥᠷᠭᠡᠯᠡᠨ ᠬᠠᠳᠠᠭᠠᠯᠠᠬᠤ ᠪᠠ ᠭᠦᠢᠯᠭᠡᠭᠡᠬᠦ ᠲᠥᠬᠦᠭᠡᠷᠦᠮᠵᠢ ᠶᠢ ᠰᠠᠶᠢᠵᠢᠷᠠᠭᠤᠯᠵᠤ᠂ ᠠᠮᠤ ᠪᠤᠳᠠᠭ᠎ᠠ | ᠨᠥᠭᠡᠴᠡᠯᠡᠬᠦ ᠬᠡᠪᠴᠢᠶ᠎ᠡ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠪᠠᠳᠠᠷᠠᠭᠤᠯᠤᠨ᠂ ᠬᠠᠩᠭᠠᠯᠭ᠎ᠠ ᠶᠢᠨ ᠠᠷᠭ᠎ᠠ ᠵᠠᠮ ᠢ ᠪᠠᠶᠠᠯᠢᠭᠵᠢᠭᠤᠯᠵᠤ᠂ ᠬᠠᠩᠭᠠᠯᠭ᠎ᠠ ᠭᠦᠢᠴᠡᠳ᠂ | ᠲᠦᠷᠦᠯ ᠵᠦᠢᠯ ᠤᠯᠠᠨ ᠶᠠᠩᠵᠤ ᠶᠢᠨ ᠪᠠᠶᠢᠬᠤ ᠶᠢ ᠪᠡᠶᠡᠯᠡᠭᠦᠯᠵᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ | ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠰᠢᠨ᠎ᠡ ᠨᠢᠭᠡᠨ ᠡᠭᠡᠯᠵᠢ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠡᠨᠡ | ᠵᠢᠯ ᠭᠠᠩᠳᠠᠯ ᠤᠰᠤᠲᠤᠯ ᠳᠤ ᠬᠤᠷᠢᠶᠠᠯᠲᠠ ᠪᠠᠲᠤᠯᠠᠭ᠎ᠠ ᠲᠠᠢ᠂ ᠥᠨᠳᠥᠷ ᠮᠥᠷᠲᠡᠭᠡᠨ ᠲᠣᠭᠲᠠᠮᠠᠯ ᠬᠤᠷᠢᠶᠠᠯᠲᠠ ᠲᠠᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1 ᠳ᠋ᠦᠩᠰᠢᠭᠤᠷ ᠮᠦ ᠪᠦᠳᠦᠭᠡᠨ ᠪᠠᠶᠢᠭᠤᠯᠬᠤ ᠪᠠᠷ ᠪᠣᠢ᠃ ᠲᠠᠷᠢᠶᠠᠨ | ᠭᠠᠵᠠᠷ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ | ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠠᠮᠢᠶᠠᠷᠤᠨ | ᠡᠵᠡᠮᠳᠡᠵᠦ᠂ 18 ᠳ᠋ᠦᠩᠰᠢᠭᠤᠷ ᠮᠥ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ ᠭᠡᠵᠡᠢ | ᠃ ᠬᠤᠷᠠᠯ ᠠᠴᠠ ᠪᠠᠰᠠ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ ᠪᠠᠶᠢᠳᠠᠯ ᠳᠤ ᠪᠠᠨ ᠰᠠᠭᠤᠷᠢᠯᠠᠵᠤ᠂ ᠠᠷᠠᠳ ᠤᠯᠠᠨ ᠤ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ ᠰᠢᠨᠵᠢᠯᠡᠬᠦ ᠤᠬᠠᠭᠠᠨᠴᠢ ᠪᠥᠭᠡᠳ ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠪᠠᠷ | ᠪᠣᠭᠤᠮᠲᠠ ᠰᠢᠪᠲᠤᠯᠵᠤ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ᠲᠤᠲᠤᠷᠭ᠎ᠠ᠂ ᠪᠤᠭᠤᠳᠠᠢ ᠶᠢᠨ ᠶᠠᠰᠤ ᠴᠢᠨᠠᠷ | ᠪᠠ ᠰᠢᠷ᠎ᠠ ᠪᠤᠷᠴᠠᠭ ᠤᠨ ᠥᠭᠡᠬᠦᠨ ᠤ ᠠᠭᠤᠯᠤᠭᠳᠠᠴᠠ ᠶᠢ ᠨᠡᠮᠡᠭᠳᠡᠭᠦᠯᠵᠦ᠂ ᠴᠢᠨᠠᠷ ᠰᠢᠯᠢᠳᠡᠭ ᠢᠳᠡᠰᠢᠨ | ᠨᠣᠭᠤᠭ᠎ᠠ ᠶᠢᠨ ᠲᠦᠷᠦᠯ ᠵᠦᠢᠯ ᠢ ᠪᠤᠶᠢᠵᠢᠭᠤᠯᠤᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠠᠯᠠᠪᠠᠢ | ᠨᠢᠭᠡᠴᠢ ᠶᠢᠨ ᠤᠨᠠᠯᠲᠠ ᠪᠠ ᠵᠠᠬ᠎ᠠ ᠳᠡᠯᠭᠡᠭᠦᠷ ᠲᠤ ᠵᠣᠬᠢᠴᠠᠬᠤ ᠬᠡᠮᠵᠢᠶ᠎ᠡ ᠶᠢ ᠰᠠᠶᠢᠵᠢᠷᠠᠭᠤᠯᠵᠤ᠂ ᠰᠠᠭᠠᠯᠢ ᠶᠢᠨ | ᠦᠨᠢᠶ᠎ᠡ ᠶᠢᠨ ᠰᠦ ᠶᠢᠨ ᠬᠡᠮᠵᠢᠶ᠎ᠡ ᠪᠠ ᠠᠯᠠᠰᠢᠨ ᠤ ᠦᠬᠡᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠲᠣᠭᠲᠠᠴᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠲᠠᠶᠢᠴᠢᠯᠠᠨ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ᠂ ᠲᠠᠷᠢᠶᠠᠴᠢᠨ | ᠡᠷᠦᠭᠡ ᠵᠡᠷᠭᠡ ᠶᠢᠨ ᠬᠠᠷᠢᠯᠴᠠᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ | ᠬᠤᠳᠠᠯᠳᠤᠭᠠᠴᠢᠯᠠᠭᠰᠠᠨ ᠦᠷ᠎ᠡ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠷ᠎ᠡ ᠶᠢᠨ | ᠦᠢᠯᠡᠰ ᠤᠨ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠡᠷᠡᠭᠯᠡᠭᠦᠰᠢᠲᠡᠢ ᠪᠥᠭᠡᠳ ᠥᠨᠳᠥᠷ | ᠪᠦᠲᠦᠮᠵᠢᠲᠡᠶ ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ ᠦᠢᠯᠡᠳᠴᠦ ᠳᠡᠯᠭᠡᠷᠡᠭᠦᠯᠬᠦ ᠶᠢ ᠳᠡᠮᠵᠢᠬᠦ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ ︵ | ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠪᠠ᠃ ᠲᠥᠰᠦᠯ ᠳᠤ ᠬᠢᠨᠠᠨ ᠪᠣᠳᠣᠬᠤ ᠦᠨᠳᠦᠰᠦᠨ | ᠳᠦᠷᠢᠮ ᠢ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ | ᠪᠦᠳᠦᠭᠦᠪᠴᠢ ᠲᠥᠰᠥᠪ ᠤᠨ ᠳᠣᠣᠷ᠎ᠠ ᠬᠢᠨᠠᠨ ᠪᠣᠳᠣᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠵᠠᠰᠠᠭ ᠤᠨ | ᠣᠷᠳᠣᠨ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠠᠴᠠ ᠪᠤᠰᠤᠳ ᠣᠯᠠᠨ | ᠨᠡᠶᠢᠲᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠤᠯᠤᠰ ᠤᠨ ᠥᠮᠴᠢᠯᠡᠯᠲᠦ ᠡᠬᠢ ᠪᠠᠶᠠᠯᠢᠭ᠂ | ᠤᠯᠤᠰ ᠤᠨ ᠥᠮᠴᠢᠯᠡᠯᠲᠦ ᠡᠳ᠋ ᠬᠥᠷᠥᠩᠭᠡ᠂ ᠣᠯᠠᠨ ᠨᠡᠶᠢᠲᠡ ᠶᠢᠨ ᠪᠡᠯᠡ ᠮᠥᠩᠭᠦ ᠪᠠ ᠣᠷᠣᠨ ᠨᠤᠲᠤᠭ ᠤᠨ ᠪᠠᠩᠬᠢ | ᠵᠡᠷᠭᠡ ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠲᠣᠭᠲᠠᠭᠠᠯ ᠢ ᠣᠯᠠᠰᠢᠷᠠᠭᠤᠯᠵᠤ᠂ ᠬᠢᠨᠠᠨ ᠪᠤᠳᠤᠵᠤ ᠬᠢᠨᠠᠯᠲᠠ | ᠲᠠᠯᠪᠢᠬᠤ ᠠᠷᠭ᠎ᠠ ᠪᠠᠷᠢᠯ ᠢ ᠴᠢᠩᠭᠠᠷᠠᠭᠤᠯᠤᠨ᠂ ᠬᠢᠨᠠᠨ ᠪᠤᠳᠤᠵᠤ ᠬᠢᠨᠠᠯᠲᠠ ᠲᠠᠯᠪᠢᠬᠤ ᠶᠢᠨ ᠲᠤᠰᠠᠭᠠᠷ ᠴᠢᠨᠠᠷ ᠪᠠ | ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠴᠢᠩᠭᠠᠷᠠᠭᠤᠯᠵᠤ᠂ ᠬᠢᠨᠠᠨ ᠪᠤᠳᠤᠯᠲᠠ ᠶᠢ ᠬᠦᠯᠢᠶᠡᠭᠰᠡᠨ ᠨᠢᠭᠡᠴᠢ ᠠᠴᠠ | ᠲᠣᠭᠲᠠᠭᠰᠠᠨ ᠴᠠᠭ ᠤᠨ ᠳᠣᠲᠣᠷ᠎ᠠ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢᠶᠠᠨ ᠴᠡᠭᠴᠡᠯᠡᠨ | ᠰᠠᠶᠢᠵᠢᠷᠠᠭᠤᠯᠵᠤ᠂ ᠬᠢᠨᠠᠨ ᠪᠤᠳᠤᠬᠤ ᠪᠠᠶᠢᠭᠤᠯᠭ᠎ᠠ ᠠᠴᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ | ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠬᠤ ᠳᠤ ᠪᠠᠨ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠦ | ᠲᠣᠳᠣᠷᠬᠠᠶ ᠱᠠᠭᠠᠷᠳᠠᠪᠠ᠃ ᠬᠤᠷᠠᠯ ᠠᠴᠠ ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |