ᠯᠢᠦ ᠬᠠᠶ ᠴᠢᠤᠸᠠᠨ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ 4 ᠳ᠋ᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/11
      5 ᠰᠠᠷ᠎ᠠ ᠶᠢᠨ 7 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ 4 ᠳ᠋ᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠭᠤᠸᠠᠩᠰᠢ ᠳᠤ ᠠᠵᠢᠯ ᠪᠠᠶᠢᠴᠠᠭᠠᠬᠤ ᠳᠠᠭᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠶ ᠥᠭᠦᠯᠡᠬᠦ ᠨᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠶᠢᠨ ᠬᠡᠰᠡᠭ ᠵᠣᠬᠢᠶᠠᠯ ᠢ ᠭᠦᠨᠵᠡᠭᠡᠶ ᠰᠤᠳᠤᠯᠤᠨ ᠤᠩᠰᠢᠵᠤ᠂ ᠪᠢᠴᠢᠯ ᠪᠠᠷᠢᠮᠲᠠᠲᠤ ᠹᠢᠯᠢᠮ ᠤᠨ ︽ᠬᠠᠲᠠᠭᠤᠵᠢᠨ ᠪᠣᠯᠪᠠᠰᠤᠷᠠᠭᠰᠠᠨ᠄ ᠳᠤᠮᠳᠠᠳᠤ ᠤᠯᠤᠰ ᠤᠨ ᠡᠪ ᠬᠠᠮᠲᠤ ᠨᠠᠮ ᠤᠨ 100 ᠵᠢᠯ︾ ᠤᠨ ᠬᠡᠰᠡᠭᠯᠡᠯ ᠢ ᠦᠵᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠶᠢ ᠰᠤᠷᠤᠯᠴᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠮᠠᠨ ᠤ ᠨᠠᠮ ᠤᠨ ᠵᠠᠭᠤᠨ ᠵᠢᠯ ᠤᠨ ᠲᠡᠦᠬᠡ ᠶᠢ ᠡᠷᠭᠢᠴᠡᠭᠦᠯᠬᠦ ᠳᠤ᠂ ᠪᠢᠳᠡ ᠤᠯᠠᠭᠠᠨ ᠵᠠᠰᠠᠭ ᠢ ᠬᠢᠯᠪᠠᠷᠬᠠᠨ ᠣᠯᠤᠭᠰᠠᠨ ᠪᠢᠰᠢ᠂ ᠰᠢᠨ᠎ᠡ ᠳᠤᠮᠳᠠᠳᠤ ᠤᠯᠤᠰ ᠢ ᠬᠢᠯᠪᠠᠷᠬᠠᠨ ᠣᠯᠤᠭᠰᠠᠨ ᠪᠢᠰᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠬᠢᠯᠪᠠᠷᠬᠠᠨ ᠢᠶᠠᠷ ᠣᠯᠤᠭᠰᠠᠨ ᠪᠢᠰᠢ᠂ ᠲᠡᠭᠦᠨ ᠢ ᠮᠠᠨ ᠤ ᠨᠠᠮ ᠪᠣᠯᠤᠨ ᠠᠷᠠᠳ ᠲᠦᠮᠡᠨ ᠠᠷᠢᠭᠤᠨ ᠴᠢᠰᠤ᠂ ᠬᠦᠴᠦ ᠬᠥᠯᠥᠰᠥ᠂ ᠨᠢᠯᠪᠤᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠂ ᠭᠠᠰᠠᠯᠠᠩ ᠵᠣᠪᠠᠯᠠᠩ ᠪᠠ ᠭᠡᠷᠡᠯ ᠰᠠᠴᠤᠷᠠᠩᠭᠤᠢ᠂ ᠨᠤᠭᠤᠷᠠᠯ ᠪᠦᠳᠦᠷᠢᠯ ᠪᠠ ᠢᠯᠠᠯᠲᠠ᠂ ᠦᠷᠡᠭᠳᠡᠯ ᠪᠠ ᠣᠯᠤᠯᠲᠠ ᠳᠦᠭᠦᠷᠡᠩ ᠪᠠᠶᠢᠨ᠎ᠠ ᠭᠡᠳᠡᠭ ᠢ ᠨᠡᠩ ᠭᠦᠨᠵᠡᠭᠡᠢ ᠲᠠᠨᠢᠵᠤ ᠤᠯᠪᠠ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠪᠣᠯ ᠠᠭᠤᠤ ᠶᠡᠭᠡ ᠲᠡᠮᠡᠴᠡᠯ ᠤᠨ ᠲᠡᠦᠬᠡ᠂ ᠭᠡᠷᠡᠯ ᠰᠠᠴᠤᠷᠠᠩᠭᠤᠶ ᠲᠡᠮᠡᠴᠡᠯ ᠤᠨ ᠲᠡᠦᠬᠡ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠲᠡᠦᠬᠡ ᠪᠣᠯᠤᠨ᠎ᠠ᠂ ᠬᠤᠰᠢᠭᠤᠨ ᠤ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ ᠵᠢᠴᠢ ᠨᠠᠮ ᠤᠨ ᠭᠡᠰᠢᠭᠦᠨ᠂ ᠺᠠᠳ᠋ᠷ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠦᠨᠵᠡᠭᠡᠢ ᠰᠤᠷᠤᠯᠴᠠᠬᠤ᠂ ᠭᠦᠨᠵᠡᠭᠡᠢ ᠣᠶᠢᠯᠠᠭᠠᠬᠤ ᠳᠤᠮᠳᠠ ᠪᠠᠨ ︽ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠪᠣᠯᠬᠤ︾᠂ ︽ᠮᠠᠷᠺᠰ ᠤᠨ ᠦᠵᠡᠯ ᠶᠠᠭᠠᠬᠢᠭᠠᠳ ᠪᠣᠯᠬᠤ︾᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠣᠯᠬᠤ︾ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃
      ᠬᠤᠷᠠᠯ ᠠᠴᠠ ᠴᠢᠬᠤᠯᠠᠴᠢᠯᠠᠭᠰᠠᠨ ᠨᠢ᠂ ᠲᠡᠷᠢᠭᠦᠨ ᠢ ᠰᠠᠶᠢᠲᠤᠷ ᠳᠠᠭᠠᠭᠤᠯᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠶᠢᠴᠢᠯᠠᠨ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠳᠤᠭᠤᠶᠢᠯᠠᠩ ᠤᠨ ᠪᠦᠷᠢᠯᠳᠦᠬᠦᠨ ᠤ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠶ᠋ᠯᠡᠳᠦᠯ ᠢ ᠰᠠᠶᠢᠲᠤᠷ ᠪᠠᠳᠠᠷᠠᠭᠤᠯᠵᠤ᠂ ᠡᠭᠦᠷᠭᠡᠯᠡᠵᠦ ᠪᠠᠶᠢᠭ᠎ᠠ ᠤᠳᠤᠷᠢᠳᠬᠤ ᠬᠠᠷᠢᠭᠤᠴᠠᠯᠭ᠎ᠠ ᠪᠠ ᠵᠢᠱᠢᠶ᠎ᠡ ᠦᠵᠡᠭᠦᠯᠬᠦ ᠬᠠᠷᠢᠭᠤᠴᠠᠯᠭ᠎ᠠ ᠪᠠᠨ ᠴᠠᠭ ᠢᠮᠠᠭᠲᠠ ᠮᠠᠷᠲᠠᠯ ᠥᠬᠡᠶ ᠪᠠᠷᠢᠮᠲᠠᠯᠠᠨ᠂ ᠪᠡᠶ᠎ᠡ ᠪᠠᠷ ᠢᠶᠠᠨ ᠬᠡᠪ ᠲᠦᠷᠢᠮ ᠪᠣᠯᠵᠣ ︽ᠵᠣᠩᠬᠢᠯᠠᠬᠤ ᠣᠯᠠᠨ ᠲᠣᠭᠠᠲᠠᠨ︾ ᠢ ᠳᠠᠶᠢᠴᠢᠯᠠᠨ ᠲᠡᠤᠬᠡ ᠶᠢ ᠰᠤᠷᠴᠤ ᠶᠣᠰᠣ ᠤᠴᠢᠷ ᠢ ᠮᠡᠳᠡᠬᠦ᠂ ᠲᠡᠤᠬᠡ ᠶᠢ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠤᠬᠡ ᠶᠢ ᠰᠤᠷᠴᠤ ᠶᠣᠰᠣ ᠮᠣᠷᠠᠯ ᠢ ᠡᠷᠬᠢᠮᠯᠡᠬᠦ᠂ ᠲᠡᠤᠬᠡ ᠶᠢ ᠰᠤᠷᠴᠤ ᠴᠢᠳᠠᠮᠠᠭᠠᠶ ᠪᠠᠷ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠭᠦᠨᠵᠡᠭᠡᠢ ᠰᠤᠷᠤᠯᠴᠠᠵᠤ᠂ ᠰᠤᠷᠤᠯᠴᠠᠬᠤ ᠪᠠᠷ ᠮᠡᠳᠡᠯᠭᠡ ᠶᠢ ᠠᠬᠢᠭᠤᠯᠵᠤ᠂ ᠤᠬᠠᠮᠰᠠᠷᠠᠬᠤ ᠦᠵᠡᠯ ᠰᠠᠨᠠᠭ᠎ᠠ ᠶᠢ ᠢᠮᠠᠭᠲᠠ ᠲᠤᠤᠱᠯᠠᠭᠤᠯᠵᠤ᠂ ᠵᠢᠭᠠᠨ ᠲᠣᠭᠲᠠᠭᠠᠭᠰᠠᠨ ᠨᠣᠮ ᠤᠨ ᠭᠠᠷᠴᠠᠭ ᠢ ᠨᠠᠷᠢᠨ ᠤᠩᠰᠢᠵᠤ᠂ ᠥᠪᠡᠷ ᠢᠶᠠᠨ ᠰᠤᠷᠤᠯᠴᠠᠬᠤ ᠶᠢ ᠰᠠᠶᠢᠲᠤᠷ ᠠᠳᠬᠤᠵᠤ᠂ ᠰᠠᠶᠢᠲᠤᠷ ᠲᠡᠮᠳᠡᠭᠯᠡᠯ ᠬᠢᠵᠦ᠂ ᠲᠦᠷᠦᠭᠳᠡᠯ ᠢᠶᠠᠨ ᠰᠠᠶᠢᠲᠤᠷ ᠪᠢᠴᠢᠵᠦ᠂ ᠤᠬᠠᠮᠰᠠᠷ ᠠᠴᠠ ᠪᠠᠨ ᠨᠠᠮ ᠤᠨ ᠲᠡᠦᠬᠡᠨ ᠠᠴᠠ ᠡᠷᠡᠯᠬᠡᠭᠯᠡᠨ ᠤᠷᠤᠭᠰᠢᠯᠠᠬᠤ ᠬᠦᠴᠦᠨ᠂ ᠦᠨᠡᠨ ᠶᠣᠰᠣᠨ ᠤ ᠬᠦᠴᠦᠨ ᠪᠠ ᠪᠡᠶ᠎ᠡ ᠳᠡᠭᠡᠨ ᠢᠲᠡᠭᠡᠯ ᠲᠠᠢ ᠪᠠᠶᠢᠬᠤ ᠬᠦᠴᠦᠨ ᠢ ᠰᠢᠩᠭᠡᠭᠡᠨ ᠠᠪᠬᠤ ᠬᠡᠷᠡᠭᠲᠡᠢ᠃ ᠯᠠᠪᠳᠠᠭᠤᠨ ᠪᠠᠲᠤᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠬᠦ ᠤᠭ ᠴᠢᠨᠠᠷ ᠢᠶᠠᠨ ᠪᠠᠲᠤᠳᠬᠠᠵᠤ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠬᠡᠷᠡᠭᠲᠡᠢ᠃ ᠪᠣᠳᠠᠲᠠᠶ ᠶᠢ ᠡᠷᠬᠢᠮᠯᠡᠨ ᠠᠵᠢᠯᠯᠠᠵᠤ᠂ ᠪᠣᠳᠠᠲᠠᠶ ᠠᠮᠵᠢᠯᠲᠠ ᠪᠦᠲᠦᠮᠵᠢ ᠭᠠᠷᠭᠠᠵᠤ᠂ ᠲᠦᠷᠦᠭᠦᠯᠡᠨ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠲᠡᠮᠡᠴᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠦᠷᠯᠢᠭ ᠭᠠᠵᠠᠷ ᠨᠢᠭᠡ ᠰᠢᠰᠲ᠋ᠧᠮ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠮᠠᠨᠳᠤᠯ᠎ᠠ ᠪᠣᠭᠤᠮᠲᠠ ᠶᠢᠨ ᠬᠥᠭᠵᠢᠯᠲᠡ ᠪᠥᠲᠥᠭᠡᠨ ᠪᠠᠶᠢᠭᠤᠯᠤᠯᠲᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠴᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠰᠠᠭᠠᠷᠮᠠᠭᠵᠢᠬᠤ ᠠᠵᠢᠯᠯᠠᠭ᠎ᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠭᠤᠤᠯᠳᠠᠯᠭ᠎ᠠ ᠲᠠᠢ ᠠᠵᠢᠯ ᠢ ᠢᠮᠠᠭᠲᠠ ᠰᠠᠶᠢᠲᠤᠷ ᠠᠳᠬᠤᠵᠤ᠂ ᠥᠷᠨᠢᠭᠦᠨ ᠪᠠᠳᠠᠷᠠᠩᠭᠤᠶ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠳ᠋ᠠᠮᠤ᠋ ᠶᠢ ᠬᠦᠴᠦᠯᠡᠨ ᠴᠣᠭᠴᠠᠯᠠᠨ᠎ᠠ᠃      ᠬᠤᠷᠠᠯ ᠠᠴᠠ ᠪᠠᠰᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ᠂ ︽ᠲᠦᠷᠪᠡᠨ ᠰᠠᠭᠤᠷᠢᠨ ᠭᠠᠵᠠᠷ︾ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠰᠦᠯ᠂ ᠡᠯ᠎ᠡ ᠱᠠᠲᠤᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠬᠥᠮᠦᠵᠢᠭᠦᠯᠦᠨ ᠴᠡᠭᠴᠡᠯᠡᠬᠦ᠂ ᠨᠤᠲᠤᠭ ᠪᠡᠯᠴᠢᠭᠡᠷ ᠤᠢ ᠮᠣᠳᠣᠨ ᠤ ᠭᠠᠵᠠᠷ ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠬᠤ ᠰᠠᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠠᠬᠢᠨ ᠲᠤᠬᠢᠷᠠᠭᠤᠯᠵᠤ ᠲᠠᠬᠢᠨ ᠪᠠᠶᠢᠷᠢᠯᠠᠭᠤᠯᠪᠠ᠃      ᠬᠤᠰᠢᠭᠤᠨ ᠵᠠᠰᠠᠭ ᠤᠨ ᠣᠷᠳᠣᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠭᠡᠰᠢᠭᠦᠨ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠥᠬᠦ ᠠᠵᠢᠯᠲᠠᠨ᠂ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号