ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ 2021 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠤᠯᠤᠰ ᠲᠥᠷᠥ ᠶᠢᠨ ᠵᠥᠪᠯᠡᠯᠭᠡᠨ ᠤ ᠰᠠᠨᠠᠯ
ᠨᠡᠶᠢᠲᠡᠯᠡᠭᠰᠡᠨ ᠴᠠᠭ᠄
2021/5/11
      5 ᠰᠠᠷ᠎ᠠ ᠶᠢᠨ 7 ᠤ ᠡᠳᠦᠷ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ 2021 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠲᠤᠰᠢᠶᠠᠨ ᠰᠢᠶ᠋ᠳᠪᠦᠷᠢᠯᠡᠭᠦᠯᠬᠦ ᠬᠤᠷᠠᠯ ᠬᠤᠷᠠᠯᠳᠤᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢ ᠴᠢᠶᠠᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠲᠤᠴᠢᠯᠠᠭᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠪᠦᠦ ᠸᠤᠨ ᠬᠤᠷᠠᠯ ᠢ ᠡᠷᠭᠢᠯᠡᠪᠡ᠃ ᠬᠤᠷᠠᠯ ᠠᠴᠠ 2020 ᠣᠨ ᠤ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠳ᠋ᠦᠩᠨᠡᠵᠦ᠂ 2021 ᠣᠨ ᠤ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯᠳᠤᠭᠠᠨ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠳᠦᠷᠤ ᠶᠢᠨ ᠵᠦᠪᠯᠠᠯᠭᠠ ᠤ ᠭᠡᠰᠢᠭᠦᠳ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠪᠣᠯ ᠣᠯᠠᠨ ᠲᠦᠮᠡᠨ ᠤ ᠬᠦᠢᠰᠠᠵᠤ ᠪᠠᠶᠢᠭ᠎ᠠ ᠵᠦᠢᠯ ᠢ ᠣᠢᠢᠯᠠᠭᠠᠨ ᠰᠣᠨᠣᠰᠬᠤ ᠬᠠᠮᠤᠭ ᠤᠨ ᠰᠢᠭᠤᠳ᠂ ᠬᠠᠮᠤᠭ ᠤᠨ ᠪᠦᠲᠦᠮᠵᠢᠲᠡᠶ ᠠᠷᠭ᠎ᠠ ᠵᠠᠮ ᠮᠥᠨ᠂ ᠡᠷᠬᠢᠮ ᠨᠠᠨᠳᠢᠨ ᠳᠦᠷᠤ ᠶᠢᠨ ᠪᠤᠲᠣᠯᠭ᠎ᠠ᠂ ᠮᠡᠳᠡᠭᠡ ᠵᠠᠩᠭᠢ ᠪᠠ ᠣᠶᠣᠠ ᠮᠡᠳᠡᠯᠭᠡ ᠶᠢᠨ ᠡᠬᠢ ᠪᠠᠶᠠᠯᠢᠭ ᠮᠥᠨ᠃ ᠰᠠᠨᠠᠭᠤᠯᠭ᠎ᠠ ᠳᠤᠷᠠᠳᠤᠯᠭ᠎ᠠ ᠶᠢ ᠰᠢᠶ᠋ᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠠᠤᠯᠢ ᠨᠡᠩ ᠴᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠠᠰᠠᠭᠤᠳᠠᠯ ᠢ ᠰᠢᠶ᠋ᠳᠪᠦᠷᠢᠯᠡᠵᠦ᠂ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠨᠢ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ᠂ ᠨᠢᠭᠲᠠᠷᠠᠯ ᠤᠨ ᠬᠦᠴᠦᠨ᠂ ᠪᠦᠯᠬᠦᠮᠳᠡᠯ ᠤᠨ ᠬᠦᠴᠦᠨ ᠢ ᠨᠡᠮᠡᠭᠳᠡᠭᠦᠯᠵᠦ᠂ ᠪᠦᠭᠦ ᠬᠤᠰᠢᠭᠤᠨ ᠤ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠡ ᠠᠶᠠᠨ ᠵᠠᠮ ᠳᠤ ᠣᠷᠣᠯᠴᠠᠬᠤ ᠶᠢ ᠬᠥᠭᠵᠢᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠰᠢᠭᠤᠨ ᠨᠠᠮ ᠤᠨ ᠬᠤᠷᠢᠶᠠᠨ ᠤ ᠲᠣᠭᠲᠠᠭᠠᠭᠰᠠᠨ ︽ᠳᠥᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠡᠨᠡ ᠵᠢᠯ ᠤᠨ ᠬᠥᠭᠵᠢᠯᠲᠡ ᠶᠢᠨ ᠡᠭᠦᠷᠭᠡ ᠶᠢᠨ ᠲᠣᠭᠤᠷᠢᠨ ᠳᠤ᠂ ᠰᠠᠨᠠᠭᠤᠯᠭ᠎ᠠ ᠳᠤᠷᠠᠳᠤᠯᠭ᠎ᠠ ᠶᠢ ᠰᠢᠶ᠋ᠳᠪᠦᠷᠢᠯᠡᠬᠦ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠨᠠᠩ ᠤᠬᠠᠮᠰᠠᠷ ᠠᠴᠠ ᠪᠠᠨ᠂ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠠᠶᠢᠨ ᠠᠯᠬᠤᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃
      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠡᠯ᠎ᠡ ᠳᠠᠭᠠᠭᠠᠨ ᠭᠦᠶ᠋ᠴᠡᠳᠬᠡᠬᠦ ᠨᠢᠭᠡᠴᠡ ᠬᠡᠷᠡᠭ ᠶᠠᠪᠤᠳᠠᠯ ᠳᠤ ᠰᠠᠭᠤᠷᠢᠯᠠᠨ ᠰᠢᠶ᠋ᠳᠪᠦᠷᠢᠯᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ︽ᠭᠤᠷᠪᠠ ᠶᠢ ᠵᠣᠯᠭᠠᠭᠤᠯᠬᠤ︾᠂ ᠳᠠᠭᠠᠭᠤᠯᠤᠨ ᠰᠢᠪᠠᠳᠠᠨ ᠰᠢᠶ᠋ᠳᠪᠦᠷᠢᠯᠡᠭᠦᠯᠬᠦ᠂ ᠰᠢᠪᠠᠳᠠᠨ ᠪᠠᠶᠢᠴᠠᠭᠠᠵᠤ ᠮᠡᠳᠡᠭᠡᠯᠡᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠡᠴᠦᠰ ᠲᠤᠨᠢ ᠲᠤᠯᠲᠠᠯ᠎ᠠ ᠠᠳᠬᠤᠬᠤ ᠰᠢᠶ᠋ᠳᠪᠦᠷᠢᠯᠡᠬᠦ ᠲᠣᠭᠲᠠᠴᠠ ᠶᠢ ᠬᠦᠴᠦᠯᠡᠨ ᠪᠦᠷᠢᠯᠳᠦᠭᠦᠯᠵᠦ᠂ ᠰᠠᠨᠠᠭᠤᠯᠭ᠎ᠠ ᠳᠤᠷᠠᠳᠤᠯᠭ᠎ᠠ ᠶᠢ ᠰᠢᠶ᠋ᠳᠪᠦᠷᠢᠯᠡᠬᠦ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠰᠠᠨᠠᠭᠤᠯᠭ᠎ᠠ ᠪᠠ ᠰᠠᠨᠠᠯ ᠵᠥᠪᠯᠡᠯᠭᠡ ᠶᠢ ᠰᠢᠶ᠋ᠳᠪᠦᠷᠢᠯᠡᠬᠦ ᠠᠵᠢᠯ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ︽ᠪᠢ ᠤᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠦᠨᠡᠨ ᠬᠦ ᠰᠠᠶᠢᠨ ᠶᠠᠪᠤᠳᠠᠯ ᠢ ᠪᠣᠳᠠᠲᠠᠶ ᠪᠠᠷ ᠬᠢᠵᠦ᠂ ᠪᠣᠳᠠᠲᠠᠶ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠥᠷᠭᠡᠨ ᠤᠯᠠᠨ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ᠃      ᠬᠤᠷᠠᠯ ᠠᠴᠠ ᠪᠠᠰᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠯ᠎ᠡ ᠱᠠᠲᠤᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号