ᠨᠢᠳᠤᠨᠤᠨ ᠤ ᠡᠪᠦᠯ ᠪᠠ ᠡᠨᠡ ᠵᠢᠯ ᠤᠨ ᠬᠠᠪᠤᠷ ᠤᠨ ᠤᠯᠠᠷᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠨᠡᠯᠢᠶᠡᠳ | ᠰᠠᠶᠢᠨ᠂ ᠡᠨᠡ ᠵᠢᠯ ᠤᠨ ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠥᠨᠳᠥᠷ ᠵᠡᠷᠭᠡ ᠰᠢᠯᠲᠠᠭᠠᠨ ᠤ | ᠨᠥᠯᠥᠭᠡ ᠠᠴᠠ ᠪᠣᠯᠵᠣ᠂ ᠲᠠᠯ᠎ᠠ ᠨᠤᠲᠤᠭ ᠤᠨ ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ 4 | ᠰᠠᠷ᠎ᠠ ᠶᠢᠨ 28 ᠤ ᠡᠳᠦᠷ ᠪᠣᠯᠲᠠᠯ᠎ᠠ ᠪᠦᠭᠦ ᠬᠤᠰᠢᠭᠤᠨ ᠤ 2366.83 ᠲᠦᠮᠡᠨ ᠮᠤ ᠠᠳᠠᠯᠢ ᠪᠤᠰᠤ ᠬᠡᠯᠪᠡᠷᠢ ᠶᠢᠨ | ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠣᠷᠣᠭᠤᠯᠵᠤ᠂ ᠨᠣᠭᠤᠭᠠᠷᠠᠭᠤᠯᠬᠤ ᠳᠤᠮᠳᠠᠴᠢ ᠨᠤᠷᠮ᠎ᠠ ᠨᠢ | 91 ᠪᠣᠯᠤᠨ᠎ᠠ᠃ ᠡᠭᠦᠨ ᠳᠤ᠂ ᠡᠮᠦᠨᠡᠲᠦ ᠬᠡᠰᠡᠭ ᠤᠨ ᠨᠡᠶᠢᠲᠡᠯᠢᠭ ᠨᠤᠲᠤᠭ ᠪᠡᠯᠴᠢᠭᠡᠷ ᠤᠨ ᠣᠷᠣᠨ ᠤ ᠨᠣᠭᠤᠭᠠᠷᠠᠬᠤ | ᠨᠣᠷᠮ᠎ᠠ ᠨᠢ ᠳᠤᠮᠳᠠᠴᠢ ᠪᠠᠷ 96% ᠪᠠᠶᠢᠵᠤ᠂ ᠨᠣᠭᠤᠭᠠᠷᠠᠬᠤ ᠨᠣᠷᠮ᠎ᠠ ᠨᠢ 50% ᠳᠤ ᠬᠥᠷᠬᠦ ᠵᠢᠱᠢᠯᠲᠡ ᠪᠠᠷ | ᠨᠣᠭᠤᠭᠠᠷᠠᠬᠤ ᠬᠤᠭᠤᠴᠠᠭ᠎ᠠ ᠨᠢ 4 ᠰᠠᠷ᠎ᠠ ᠶᠢᠨ 25 ᠤ ᠡᠳᠦᠷ ᠨᠣᠭᠤᠭᠠᠷᠠᠬᠤ ᠬᠤᠭᠤᠴᠠᠭᠠᠨ ᠳᠤ ᠣᠷᠣᠵᠤ᠂ | ᠨᠢᠳᠤᠨᠤᠨ ᠤ ᠬᠢ ᠲᠠᠢ ᠬᠠᠷᠢᠴᠠᠭᠤᠯᠪᠠᠯ ᠨᠣᠭᠤᠭᠠᠷᠠᠬᠤ ᠬᠤᠭᠤᠴᠠᠭ᠎ᠠ ᠨᠢ 10 ᠡᠳᠦᠷ ᠤᠷᠢᠳᠴᠢᠯᠠᠵᠠᠶ᠃ ᠳᠤᠮᠳᠠ | ᠬᠡᠰᠡᠭ ᠤᠨ ᠲᠠᠴᠢᠷ ᠴᠦᠯ ᠤᠨ ᠬᠡᠭᠡᠷ᠎ᠡ ᠲᠠᠯ᠎ᠠ ᠶᠢᠨ ᠣᠷᠣᠨ ᠤ ᠨᠣᠭᠤᠭᠠᠷᠠᠬᠤ ᠳᠤᠮᠳᠠᠴᠢ ᠨᠣᠷᠮ᠎ᠠ 94% ᠳᠤ | ᠬᠦᠷᠴᠦ᠂ ᠨᠣᠭᠤᠭᠠᠷᠠᠬᠤ ᠨᠣᠷᠮ᠎ᠠ 50% ᠳᠤ ᠬᠦᠷᠬᠦ ᠪᠠᠷ ᠵᠢᠱᠢᠵᠦ ᠪᠤᠳᠤᠭᠰᠠᠨ ᠨᠣᠭᠤᠭᠠᠷᠠᠬᠤ ᠬᠤᠭᠤᠴᠠᠭ᠎ᠠ ᠨᠢ | 4 ᠰᠠᠷ᠎ᠠ ᠶᠢᠨ 24 ᠤ ᠡᠳᠦᠷ ᠨᠣᠭᠤᠭᠠᠷᠠᠬᠤ ᠬᠤᠭᠤᠴᠠᠭᠠᠨ ᠳᠤ ᠣᠷᠣᠵᠤ᠂ ᠨᠢᠳᠤᠨᠤᠨ ᠤ ᠬᠢ ᠲᠠᠢ ᠠᠳᠠᠯᠢᠳᠬᠠᠪᠠᠯ | ᠨᠣᠭᠤᠭᠠᠷᠠᠬᠤ ᠬᠤᠭᠤᠴᠠᠭ᠎ᠠ ᠨᠢ 7 ᠡᠳᠦᠷ ᠤᠷᠢᠳᠴᠢᠯᠠᠵᠠᠶ᠃ ᠤᠮᠠᠷᠠᠲᠤ ᠬᠡᠰᠡᠭ ᠤᠨ ᠲᠠᠯ᠎ᠠ ᠨᠤᠲᠤᠭᠵᠢᠭᠰᠠᠨ | ᠴᠥᠯ ᠤᠨ ᠣᠷᠣᠨ ᠤ ᠡᠨᠡ ᠵᠢᠯ ᠤᠨ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠨᠡᠯᠢᠶᠡᠳ ᠠᠨᠠᠶ ᠪᠠᠶᠢᠵᠤ᠂ | ᠨᠣᠭᠤᠭᠠᠷᠠᠬᠤ ᠳᠤᠮᠳᠠᠴᠢ ᠨᠣᠷᠮ᠎ᠠ ᠨᠢ 68% ᠪᠠᠶᠢᠵᠤ᠂ ᠨᠣᠭᠤᠭᠠᠷᠠᠬᠤ ᠨᠣᠷᠮ᠎ᠠ ᠨᠢ 50% ᠳᠤ ᠬᠥᠷᠬᠦ | ᠵᠢᠱᠢᠯᠲᠡ ᠪᠠᠷ ᠨᠣᠭᠤᠭᠠᠷᠠᠬᠤ ᠬᠤᠭᠤᠴᠠᠭ᠎ᠠ ᠨᠢ 4 ᠰᠠᠷ᠎ᠠ ᠶᠢᠨ 24 ᠤ ᠡᠳᠦᠷ ᠨᠣᠭᠤᠭᠠᠷᠠᠬᠤ ᠬᠤᠭᠤᠴᠠᠭᠠᠨ ᠳᠤ | ᠣᠷᠣᠵᠤ᠂ ᠨᠢᠳᠤᠨᠤᠨ ᠤ ᠬᠢ ᠲᠠᠢ ᠬᠠᠷᠢᠴᠠᠭᠤᠯᠪᠠᠯ ᠨᠣᠭᠤᠭᠠᠷᠠᠬᠤ ᠬᠤᠭᠤᠴᠠᠭ᠎ᠠ ᠨᠢ 4 ᠡᠳᠦᠷ ᠤᠷᠢᠳᠴᠢᠯᠠᠵᠠᠶ᠃ | ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠮᠠᠯ ᠤᠨ ᠢᠳᠡᠰᠢ ᠶᠢ ᠴᠢᠳᠠᠬᠤ ᠶᠢᠨ ᠬᠢᠷᠢ ᠪᠠᠷ | ᠪᠠᠭᠠᠰᠬᠠᠵᠤ᠂ ᠤᠷᠭᠤᠮᠠᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ ᠢ ᠳᠡᠭᠡᠭᠰᠢᠯᠡᠭᠦᠯᠬᠦ ᠶᠢᠨ ᠬᠠᠮᠲᠤ ᠲᠦᠷᠭᠡᠨ | ᠥᠰᠳᠡᠭ᠃ | | ᠳᠤᠯᠠᠭᠠᠨ ᠴᠢᠨᠠᠷᠲᠤ ᠬᠡᠭᠡᠷ᠎ᠡ ᠶᠢᠨ ᠦᠵᠡᠮᠵᠢ ᠶᠢᠨ ᠭᠡᠷᠡᠯ ᠵᠢᠷᠤᠭ | | ᠳᠤᠯᠠᠭᠠᠨ ᠴᠢᠨᠠᠷᠲᠤ ᠴᠦᠯ ᠤᠨ ᠬᠡᠭᠡᠷ᠎ᠡ ᠲᠠᠯ᠎ᠠ ᠶᠢᠨ ᠦᠵᠡᠮᠵᠢ ᠶᠢᠨ ᠭᠡᠷᠡᠯ ᠵᠢᠷᠤᠭ | | | ᠳᠤᠯᠠᠭᠠᠨ ᠴᠢᠨᠠᠷᠲᠤ ᠬᠡᠭᠡᠷ᠎ᠡ ᠶᠢᠨ ᠴᠦᠯ ᠤᠨ ᠦᠵᠡᠮᠵᠢ ᠶᠢᠨ ᠭᠡᠷᠡᠯ ᠵᠢᠷᠤᠭ | |