ᠪᠣᠬᠢᠷ ᠤᠰᠤ ᠭᠠᠳᠠᠭᠰᠢ ᠤᠷᠤᠰᠴᠤ ᠠᠷᠠᠳ ᠤᠨ ᠬᠤᠲᠠ ᠶᠢᠨ ᠬᠠᠮᠢᠶᠠᠷᠤᠯᠲᠠ ᠶᠢᠨ ᠰᠡᠯᠪᠢᠨ ᠵᠠᠰᠠᠬᠤ ᠬᠤᠭᠤᠯᠠᠶ ᠶᠢᠨ ᠲᠣᠤᠷ ᠢ ᠨᠥᠯᠥᠭᠡᠯᠡᠨ ᠠᠷᠠᠳ ᠤᠨ ᠵᠣᠪᠠᠨᠢᠯ ᠢ ᠲᠠᠶᠢᠯᠤᠨ᠎ᠠ
ᠨᠡᠶᠢᠲᠡᠯᠡᠭᠰᠡᠨ ᠴᠠᠭ᠄
2021/5/12
     ᠬᠤᠲᠠ ᠶᠢᠨ ᠶᠠᠪᠤᠳᠠᠯ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠢᠨᠵᠧᠨᠧᠷᠢᠩ ᠪᠣᠯ ᠬᠤᠲᠠ ᠶᠢᠨ ᠭᠠᠵᠠᠷ ᠳᠣᠤᠷᠠᠬᠢ ᠳᠠᠯᠳᠠ ᠴᠢᠨᠠᠷᠲᠠᠶ ᠢᠨᠵᠧᠨᠧᠷᠢᠩ ᠮᠥᠨ᠂ ᠨᠠᠩ ᠴᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠰᠠᠶᠢᠨ ᠰᠠᠨᠠᠭᠠᠨ ᠤ ᠢᠨᠵᠧᠨᠧᠷᠢᠩ︾ ᠬᠡᠮᠡᠭᠳᠡᠵᠦ᠂ ᠨᠢᠭᠡ ᠵᠦᠶ᠋ᠯ ᠤᠨ ᠣᠮᠲᠣᠭᠠᠶᠢᠯᠠᠵᠤ ᠪᠣᠯᠤᠰᠢ ᠥᠬᠡᠶ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠪᠦᠷᠢᠨ ᠲᠡᠭᠦᠯᠳᠡᠷ ᠬᠤᠲᠠ ᠶᠢᠨ ᠪᠣᠬᠢᠷ ᠤᠰᠤᠨ ᠤ ᠬᠤᠭᠤᠯᠠᠶ ᠶᠢᠨ ᠲᠣᠤᠷ ᠨᠢ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠳᠤ ᠠᠰᠢᠭᠲᠠᠶ ᠪᠠᠷ ᠪᠠᠷᠠᠬᠤ ᠥᠬᠡᠶ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠨᠠᠩ ᠠᠰᠢᠭᠲᠠᠶ ᠶᠤᠮ᠃ ᠣᠶᠢᠷ᠎ᠠ ᠶᠢᠨ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠰᠢᠷᠢᠰ ᠠᠷᠭ᠎ᠠ ᠬᠡᠮᠵᠢᠶ᠎ᠡ ᠠᠪᠴᠤ᠂ ᠬᠤᠭᠤᠯᠠᠶ ᠶᠢᠨ ᠲᠣᠤᠷ ᠢ ᠵᠢᠭᠰᠠᠭᠠᠨ ᠪᠠᠶᠢᠴᠠᠭᠠᠬᠤ᠂ ᠬᠠᠮᠠᠭᠠᠯᠠᠬᠤ᠂ ᠵᠠᠰᠠᠨ ᠰᠡᠷᠭᠦᠭᠡᠬᠦ ᠠᠵᠢᠯ ᠢ ᠴᠢᠩᠭᠠᠳᠬᠠᠨ᠂ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ᠂ ᠰᠢᠶ᠋ᠳᠪᠦᠷᠢᠯᠡᠬᠦ ᠠᠯᠬᠤᠴᠠ ᠪᠠᠨ ᠲᠦᠷᠭᠡᠳᠬᠡᠵᠦ᠂ ᠪᠣᠬᠢᠷ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠪᠠ᠃
     ᠪᠠᠶᠢᠴᠠᠭᠠᠯᠲᠠ ᠬᠢᠬᠦ ᠪᠠᠷ ᠳᠠᠮᠵᠢᠭᠠᠳ ᠣᠯᠵᠤ ᠮᠡᠳᠡᠭᠰᠡᠨ ᠨᠢ᠂ ᠵᠢᠶᠧ ᠷᠦᠢ ᠰᠢᠩ ᠵᠢᠵᠢᠭ ᠲᠣᠭᠤᠷᠢᠭ ᠤᠨ ᠬᠤᠲᠠ ᠶᠢᠨ ᠶᠠᠪᠤᠳᠠᠯ ᠤᠨ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠨᠢ ᠬᠠᠭᠤᠴᠢᠷᠠᠵᠤ ᠲᠦᠭᠵᠢᠷᠡᠨ ᠡᠪᠳᠡᠷᠡᠵᠦ᠂ ᠤᠰᠤ ᠵᠠᠯᠠᠬᠤ ᠳᠤ ᠰᠠᠭᠠᠳ ᠤᠴᠠᠷᠠᠭᠤᠯᠵᠤ᠂ ᠪᠣᠬᠢᠷ ᠤᠰᠤ ᠪᠢᠯᠬᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠤᠰᠤᠨ ᠴᠣᠭᠴᠠ ᠴᠤ ᠪᠣᠬᠢᠷᠲᠤᠵᠤ᠂ ᠪᠣᠷᠣᠭᠠᠨ ᠲᠠᠢ ᠡᠳᠦᠷ ᠪᠣᠯᠤᠮᠠᠭᠴᠠ ᠤᠰᠤᠨ ᠳᠤ ᠳᠡᠪᠲᠦᠵᠦ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠡᠳᠦᠷ ᠲᠤᠲᠤᠮ ᠤᠨ ᠦᠶ᠋ᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠨ᠎ᠠ᠃
      ᠡᠭᠦᠨ ᠠᠴᠠ ᠪᠣᠯᠵᠤ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠤᠲᠠ ᠶᠢᠨ ᠶᠠᠪᠤᠳᠠᠯ ᠤᠨ ᠰᠠᠯᠠᠭ᠎ᠠ ᠲᠡᠷᠡ ᠳᠠᠷᠤᠶ ᠳᠤᠨᠢ ᠠᠵᠢᠯᠲᠠᠨ ᠢ ᠵᠣᠬᠢᠶᠠᠨ ᠪᠠᠶᠢᠭᠤᠯᠵᠤ᠂ ᠬᠤᠭᠤᠯᠠᠶ ᠶᠢᠨ ᠲᠣᠣᠷ ᠢ ᠥᠭᠡᠷᠡᠴᠢᠯᠡᠬᠦ ᠠᠵᠢᠯ ᠢ ᠡᠬᠢᠯᠡᠭᠦᠯᠪᠡ᠃ ᠪᠠᠷᠢᠯᠭ᠎ᠠ ᠶᠢᠨ ᠴᠡᠭ ᠤᠨ ᠬᠤᠭᠤᠯᠠᠶ ᠲᠣᠤᠷ ᠰᠦᠯᠵᠢᠯᠳᠦᠭᠰᠡᠨ ᠪᠤᠳᠤᠯᠢᠶᠠᠨᠲᠠᠶ ᠪᠠᠶᠢᠳᠠᠯ ᠳᠤ ᠴᠢᠭᠯᠡᠭᠦᠯᠦᠨ᠂ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠪᠠᠲᠤᠯᠠᠬᠤ ᠶᠢᠨ ᠲᠥᠯᠥᠭᠡ᠂ ᠶᠡᠭᠡ ᠠᠩᠭᠢ ᠶᠢᠨ ᠬᠢᠨ ᠤᠰᠤ ᠬᠠᠩᠭᠠᠬᠤ᠂ ᠰᠢᠲᠠᠮᠠᠬᠠᠶ ᠬᠡᠶ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠬᠠᠷᠢᠯᠴᠠᠵᠤ᠂ ᠲᠡᠳᠡᠨ ᠤ ᠰᠠᠨᠠᠯ ᠲᠠᠢ ᠤᠶᠠᠯᠳᠤᠭᠤᠯᠤᠨ᠂ ᠪᠠᠷᠢᠯᠭ᠎ᠠ ᠶᠢᠨ ᠪᠠᠷᠢᠯᠭ᠎ᠠ ᠪᠠᠷᠢᠬᠤ ᠲᠥᠰᠦᠯ ᠢ ᠰᠤᠳᠤᠯᠤᠨ ᠲᠣᠭᠲᠠᠭᠠᠪᠠ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠣᠷᠣᠵᠤ ᠭᠠᠷᠬᠤ ᠵᠢᠴᠢ ᠡᠷᠬᠢᠨ ᠲᠣᠭᠤᠷᠢᠨ ᠤ ᠬᠤᠳᠠᠯᠳᠤᠭᠠᠴᠢᠳ ᠤᠨ ᠡᠵᠡᠩᠨᠡᠯᠲᠡ ᠶᠢ ᠨᠥᠯᠥᠭᠡᠯᠡᠬᠦ ᠥᠬᠡᠶ ᠶᠢᠨ ᠲᠥᠯᠥᠭᠡ᠂ ᠶᠡᠭᠡ ᠪᠠᠷᠢᠭᠠᠳᠠ ᠶᠢᠨ ᠬᠢᠨ ᠴᠠᠭ ᠬᠤᠪᠢᠶᠠᠨ ᠬᠡᠰᠡᠭ ᠬᠤᠪᠢᠶᠠᠨ ᠪᠠᠷᠢᠯᠭ᠎ᠠ ᠪᠠᠷᠢᠬᠤ ᠶᠢᠨ ᠬᠠᠮᠲᠤ ᠪᠠᠷᠢᠯᠭ᠎ᠠ ᠶᠢᠨ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠰᠡᠷᠡᠮᠵᠢᠯᠡᠭᠦᠯᠦᠯ ᠢ ᠴᠢᠩᠭᠠᠳᠬᠠᠵᠤ᠂ ᠢᠯᠠᠩᠭᠤᠶ᠎ᠠ ᠣᠷᠣᠶ ᠪᠣᠯᠬᠤ ᠳᠤ ᠶᠡᠭᠡ ᠪᠠᠷᠢᠭᠠᠳᠠ ᠶᠢᠨ ᠬᠢᠨ ᠲᠤᠰᠬᠠᠶ ᠬᠥᠮᠦᠨ ᠲᠣᠮᠢᠯᠠᠨ ᠰᠠᠬᠢᠨ ᠬᠠᠮᠠᠭᠠᠯᠠᠵᠤ᠂ ᠨᠠᠰᠢ ᠴᠠᠰᠢ ᠥᠩᠭᠡᠷᠡᠬᠦ ᠬᠥᠮᠦᠰ ᠲᠤ ᠠᠮᠤᠷ ᠲᠦᠪᠰᠢᠨ ᠢ ᠠᠩᠬᠠᠷᠬᠤ ᠶᠢ ᠰᠠᠨᠠᠭᠤᠯᠵᠤ ᠪᠠᠶᠢᠨ᠎ᠠ᠃ ᠬᠤᠶᠠᠷ ᠡᠳᠦᠷ ᠤᠨ ᠶᠠᠭᠠᠷᠠᠯᠲᠠᠶ ᠠᠵᠢᠯ ᠢᠶᠠᠷ ᠳᠡᠮᠵᠢᠨ᠂ 12 ᠮᠧᠲᠷ ᠤᠨ ᠲᠦᠭᠵᠢᠷᠡᠵᠦ ᠪᠠᠶᠢᠭᠰᠠᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠨᠢᠭᠡᠨᠲᠡ ᠪᠦᠬᠦᠨ ᠢ ᠰᠡᠯᠪᠢᠨ ᠵᠠᠰᠠᠵᠤ ᠰᠣᠯᠢᠪᠠ᠃
      ᠶᠡᠭᠡ ᠠᠩᠬᠢ ᠶᠢᠨ ᠬᠠᠷᠢᠭᠤᠴᠠᠯᠭᠠᠲᠠᠨ᠂ ᠰᠡᠭᠦᠯᠴᠢ ᠶᠢᠨ ᠬᠤᠭᠤᠴᠠᠭᠠᠨ ᠳᠤ ᠮᠠᠨ ᠤ ᠶᠡᠭᠡ ᠠᠩᠬᠢ ᠪᠠᠲᠤᠬᠠᠭᠠᠯᠭ᠎ᠠ ᠶᠢᠨ ᠪᠠᠯᠭᠠᠰᠤ ᠶᠢ ᠦᠷᠭᠦᠯᠵᠢᠯᠡᠨ ᠲᠣᠣᠷᠯᠠᠨ ᠪᠠᠶᠢᠴᠠᠭᠠᠵᠤ᠂ ᠨᠢᠭᠡ ᠶᠢ ᠢᠯᠡᠷᠡᠭᠦᠯᠪᠡᠯ ᠨᠢᠭᠡ ᠶᠢ ᠰᠢᠢᠳᠪᠦᠷᠢᠯᠡᠵᠦ᠂ ᠰᠠᠭᠤᠭᠠᠯᠢ ᠠᠷᠠᠳ ᠲᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ᠂ ᠰᠢᠨ᠎ᠡ ᠴᠠᠭ ᠦᠶ᠎ᠡ ᠰᠢᠨ᠎ᠡ ᠬᠤᠳᠠ ᠶᠢᠨ ᠬᠠᠮᠢᠶᠠᠷᠤᠯᠲᠠ ᠶᠢᠨ ᠰᠢᠨ᠎ᠡ ᠲᠦᠷᠢ ᠲᠥᠷᠬᠦ ᠶᠢ ᠢᠯᠡᠷᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号