ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠵᠢᠴᠢ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/12

     5 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ ᠬᠤᠷᠠᠯ ᠵᠢᠴᠢ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠷᠠᠯ ᠡᠷᠭᠢᠯᠡᠪᠡ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠭᠤᠸᠠᠩᠰᠢ ᠳᠤ ᠠᠵᠢᠯ ᠪᠠᠶᠢᠴᠠᠭᠠᠭᠰᠠᠨ ᠵᠣᠷᠢᠭ ᠰᠠᠨᠠᠭ᠎ᠠ ᠂ ᠶᠡᠷᠦᠩᠬᠡᠶ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠣᠮᠳᠠᠳᠪ᠊ ᠤᠯᠣᠰ ᠤᠨ ᠡᠪ ᠬᠠᠮᠳᠪ᠊ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ 4 ᠰᠠᠷ᠎ᠠ ᠶᠢᠨ 30 ᠤ ᠡᠳᠦᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠨᠡᠨ︾ ᠰᠡᠳᠬᠦᠯ ᠰᠢ ᠶᠢᠨ ᠫᠢᠩ ᠶᠡᠷᠦᠩᠬᠡᠶ ᠱᠦᠵᠢ ᠶᠢᠨ ︽ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠶ᠎ᠠ︾ ᠭᠡᠰᠡᠨ ᠴᠢᠬᠤᠯᠠ ᠵᠣᠬᠢᠶᠠᠯ ᠢ ᠨᠡᠶᠢᠲᠡᠯᠡᠪᠡ ᡽ ︽ᠪᠥᠬᠦ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︿ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ﹀ ᠦᠶ᠋ᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃
      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠪᠢᠳᠡᠨ ᠤ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠴᠢᠬᠤᠯᠠ ᠵᠢᠷᠤᠮᠯᠠᠯ ᠪᠣᠯᠤᠨ᠎ᠠ᠃ ᠡᠯ᠎ᠡ ᠪᠠᠭ ᠤᠨ ᠪᠦᠷᠢᠯᠳᠦᠬᠦᠨ ᠨᠡᠷ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠥᠬᠡᠶ ᠦᠶ᠋ᠯᠡᠳᠪᠦᠷᠢᠯᠡᠯ ᠪᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ᠃      ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠴᠢᠭᠯᠡᠯ ᠢᠶᠠᠨ ᠪᠣᠯᠭᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠭᠡᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠬᠰᠠᠨ ᠪᠠᠶᠢᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠳᠠᠬᠢ ᠬᠡᠯᠪᠡᠷᠢᠴᠢ ᠦᠵᠡᠯ ᠢ ᠡᠷᠡᠰ ᠬᠤᠷᠢᠭᠯᠠᠵᠤ᠂ ᠪᠥᠬᠦ ᠬᠤᠰᠢᠭᠤᠨ ᠤ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠡᠯ᠎ᠡ ᠵᠦᠶ᠋ᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠶ︔ ᠠᠮᠢ ᠠᠬᠤᠢ ᠶᠢ ᠰᠡᠷᠭᠦᠭᠡᠬᠦ ᠪᠠ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠶᠢ ᠭᠦᠨᠵᠡᠭᠡᠢ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠴᠢᠩᠭ᠎ᠠ ᠰᠠᠬᠢᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠬᠤᠷᠢᠭ᠎ᠠ ᠱᠤᠭᠤᠮ ᠪᠠ ᠤᠯᠠᠭᠠᠨ ᠱᠤᠭᠤᠮ ᠢ ᠰᠠᠶᠢᠲᠤᠷ ᠰᠠᠬᠢᠬᠤ ᠶᠢ ᠪᠠᠷᠢᠮᠲᠠᠯᠠᠵᠤ ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠲᠤᠷ ᠬᠠᠮᠠᠭᠠᠯᠠᠬᠤ ᠬᠡᠷᠡᠭᠲᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠳᠡᠷᠭᠡᠳᠡᠬᠢ ᠳᠤᠪᠤᠶᠢᠮ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠶᠠᠭ ᠥᠷᠨᠢᠭᠦᠯᠵᠦ ᠪᠠᠶᠢᠭ᠎ᠠ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠤᠯᠠᠨ ᠲᠦᠮᠡᠨ ᠤ ᠲᠤᠰᠬᠠᠭᠰᠠᠨ ︽ᠪᠠᠴᠢᠮ᠂ ᠬᠦᠴᠢᠷ᠂ ᠵᠣᠪᠠᠭ᠋ᠤ᠂ ᠬᠦᠰᠡᠬᠦ︾ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠠᠭ ᠲᠤᠬᠠᠢ ᠳᠤᠨᠢ ᠱᠠᠯᠠᠪᠳᠠᠭᠤᠯᠤᠨ ᠰᠢᠢᠳᠪᠦᠷᠢᠯᠡᠵᠦ᠂ ᠠᠷᠠᠳ ᠤᠯᠠᠨ ᠳᠤ ᠨᠠᠮ ᠪᠣᠯᠤᠨ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠨᠡᠨᠬᠦ ᠮᠡᠳᠡᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠳᠦᠷᠦᠭᠳᠡᠯ᠂ ᠵᠢᠷᠭᠠᠯᠲᠤ ᠳᠦᠷᠦᠭᠳᠡᠯ᠂ ᠠᠮᠤᠷ ᠲᠦᠪᠰᠢᠨ ᠤ ᠳᠦᠷᠦᠭᠳᠡᠯ ᠢ ᠨᠡᠮᠡᠭᠳᠡᠭᠦᠯᠬᠦ ᠬᠡᠷᠡᠭᠲᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号