ᠪᠠᠶ᠋ᠬᠠᠤᠪᠤᠭ᠎ᠠ ᠰᠤᠮᠤᠨ ᠤ ᠪᠠᠶᠠᠨᠪᠤᠯᠠᠭ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ | ᠲᠦᠮᠡᠨᠵᠢᠷᠭᠠᠯ1994 ᠤᠨ ᠠᠴᠠ ᠭᠠᠴᠠᠭᠠᠨ ᠤ ᠠᠵᠢᠯ ᠨᠢᠮᠪᠠᠢ ᠬᠢᠳᠡᠭ ᠢᠶᠠᠷ ᠢᠶᠠᠨ ᠮᠠᠯᠴᠢᠨ ᠲᠦᠮᠡᠨ ᠤ ᠢᠳᠡᠭᠡᠯ | ᠬᠦᠷᠢᠶᠡᠯᠡᠯ ᠢ ᠤᠯᠵᠦ᠂2006 ᠤᠨ ᠳᠤ ᠭᠠᠴᠠᠭᠠᠨ ᠤ ᠨᠠᠮ ᠤᠨ ᠡᠭᠦᠷ ᠤᠨ ᠱᠦᠢ᠂ ᠡᠷᠬᠢᠯᠡᠭᠴᠢ ᠶᠢᠨ ᠠᠵᠢᠯ ᠢ | ᠬᠠᠷᠢᠭᠤᠴᠠᠨ ᠬᠢᠵᠠᠢ᠃ | | ᠲᠡᠷᠡ ᠭᠠᠴᠠᠭᠠᠨ ᠤ ᠪᠠᠨ ᠠᠵᠢᠯ ᠢ ᠬᠠᠷᠢᠭᠤᠴᠠᠨ ᠬᠢᠭᠰᠡᠨ ᠠᠷᠪᠠ ᠭᠠᠷᠤᠢ ᠵᠢᠯ ᠤᠨ ᠲᠤᠷᠰᠢᠳᠡ ᠮᠠᠯᠴᠢᠨ | ᠲᠦᠮᠡᠨ ᠤ ᠪᠠᠨ ᠠᠮᠢᠳᠤᠷᠠᠯ ᠠᠬᠤᠢ ᠳᠤ ᠰᠠᠨᠠᠭᠠᠰᠢᠷᠠᠵᠦ᠂ ᠨᠠᠮ ᠤᠨ ᠲᠦᠷᠦ ᠶᠢᠨ ᠪᠤᠳᠤᠯᠭ᠎ᠠ ᠶᠢ ᠭᠠᠴᠠᠭᠠᠨ ᠤ | ᠮᠠᠯᠴᠢᠨ ᠲᠦᠮᠡᠨ ᠳᠤ ᠪᠠᠨ ᠤᠬᠠᠭᠤᠯᠤᠨ ᠪᠤᠳᠠᠳᠦ ᠪᠠᠶᠢᠳᠠᠯ ᠲᠠᠢ ᠤᠶᠠᠯᠳᠤᠭᠤᠯᠤᠨ᠂ ᠪᠦᠬᠦ ᠰᠡᠳᠭᠢᠯ ᠪᠦᠬᠦ ᠵᠤᠷᠢᠭ | ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠤᠷᠢᠭ ᠰᠠᠨᠠᠭ᠎ᠠ ᠶᠢ ᠪᠠᠷᠢᠮᠳᠠᠯᠠᠨ᠂ ᠮᠠᠯᠴᠢᠨ ᠲᠦᠮᠡᠨ ᠤ | ᠠᠮᠢᠳᠤᠷᠠᠯ ᠢ ᠴᠢᠨᠡᠭᠡᠯᠢᠭᠵᠢᠭᠦᠯᠬᠦ ᠶᠢᠨ ᠲᠦᠯᠦᠭᠡ ᠴᠢᠷᠮᠠᠶᠢᠨ ᠠᠵᠢᠯᠯᠠᠭᠰᠠᠭᠠᠷ ᠢᠷᠡᠵᠠᠢ᠃ | | ᠲᠡᠷᠡ ᠨᠢᠭᠡᠨ ᠦᠨᠳᠦᠰᠦᠨ ᠱᠠᠳᠤᠨ ᠤ ᠺᠠᠳ᠋ᠷ ᠪᠤᠯᠤᠭᠰᠠᠨ ᠤ ᠬᠤᠪᠢ ᠳᠤ ᠵᠠᠭᠤᠨ ᠤ ᠤᠷᠢᠳ ᠮᠠᠯᠴᠢᠳ | ᠤᠨ ᠠᠮᠢᠳᠤᠷᠠᠯ ᠢ ᠰᠠᠶᠢᠵᠢᠷᠠᠭᠤᠯᠬᠤ ᠠᠴᠠ ᠭᠠᠷᠳᠠᠵᠦ᠂ ᠭᠠᠴᠠᠭᠠᠨ ᠤ ᠬᠠᠷᠢᠶᠠᠨ ᠳᠤ ᠪᠠᠨ ᠪᠠᠶᠢᠭ᠎ᠠ ᠠᠵᠦ ᠠᠬᠤᠶᠢᠯᠠᠯ | ᠲᠠᠢ ᠬᠠᠷᠢᠴᠠᠵᠦ ᠮᠠᠯᠴᠢᠳ ᠢ ᠲᠡᠳᠭᠦᠭᠦ ᠮᠦᠩᠭᠦ ᠴᠤᠭᠯᠠᠭᠤᠯᠤᠨ40 ᠭᠠᠷᠤᠢ ᠬᠤᠨᠢ ᠬᠤᠳᠠᠯᠳᠤᠨ ᠠᠪᠴᠦ᠂ | ᠠᠮᠢᠳᠤᠷᠠᠯ ᠨᠢ ᠬᠦᠴᠢᠷᠳᠡᠯᠳᠠᠢ5 ᠡᠷᠦᠬᠡ ᠳᠤ ᠬᠤᠪᠢᠶᠠᠨ ᠦᠭᠴᠦ ᠠᠷᠠᠴᠢᠯᠠᠭᠤᠯᠤᠨ ᠠᠮᠢᠳᠤᠷᠠᠯ ᠢ ᠨᠢ ᠲᠡᠳᠭᠦᠵᠦ | ᠤᠷᠤᠯᠭ᠎ᠠ ᠶᠢ ᠨᠢ ᠨᠡᠮᠡᠭᠳᠡᠭᠦᠯᠵᠠᠢ᠃ ᠲᠦᠮᠡᠨᠵᠢᠷᠭᠠᠯ ᠪᠠᠰᠠ ᠲᠡᠭᠡᠷ᠎ᠡ ᠱᠠᠳᠤᠨ ᠠᠴᠠ50 ᠲᠦᠮᠡᠨ ᠲᠦᠭᠦᠷᠢᠭ ᠤᠨ | ᠪᠡᠯᠡ ᠮᠦᠩᠭᠦ ᠭᠤᠶᠤᠴᠢᠯᠠᠨ ᠤᠯᠵᠦ᠂ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠤᠨ᠂ ᠭᠠᠴᠠᠭᠠᠨ ᠤ ᠪᠠᠨ ᠬᠠᠮᠳᠦ | ᠶᠢᠨ ᠠᠵᠦ ᠠᠬᠤᠢ ᠶᠢ ᠡᠷᠬᠢᠯᠡᠨ᠂ ᠤᠯᠤᠭᠰᠠᠨ ᠤᠷᠤᠯᠭ᠎ᠠ ᠪᠠᠨ ᠭᠠᠴᠠᠭᠠᠨ ᠤ ᠵᠠᠷᠤᠯᠭ᠎ᠠ ᠳᠤ ᠠᠰᠢᠭᠯᠠᠬᠤ ᠪᠠᠷ | ᠲᠦᠯᠦᠪᠯᠡᠵᠦ ᠪᠤᠢ᠂ ᠲᠦᠮᠡᠨᠵᠢᠷᠭᠠᠯ ᠰᠤᠷᠠᠭ ᠵᠠᠩᠭᠢ ᠰᠦᠯᠵᠢᠶ᠎ᠡ ᠬᠤᠯᠪᠤᠭᠠᠨ ᠤ ᠲᠦᠬᠦᠮ ᠢ ᠠᠰᠢᠭᠯᠠᠨ᠂ ᠪᠦᠭᠦ | ᠭᠠᠴᠠᠭᠠᠨ ᠤ ᠸᠢᠴᠠᠲ ᠰᠤᠷᠤᠯᠴᠠᠯᠭ᠎ᠠ ᠦᠷᠨᠢᠭᠦᠯᠵᠦ᠂ ᠰᠡᠳᠭᠢᠯ ᠢᠶᠠᠨ ᠨᠢᠠᠠᠳᠠᠷᠠᠭᠤᠯᠤᠨ᠂ ᠬᠦᠴᠦ ᠪᠠᠨ | ᠬᠠᠮᠳᠤᠳᠬᠠᠵᠦ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠦᠨ᠂ ᠬᠠᠷᠢᠯᠴᠠᠨ ᠬᠠᠪᠰᠤᠷᠤᠯᠴᠠᠨ᠂ | ᠨᠢᠭᠡ ᠠᠶᠢᠯ ᠨᠢ ᠬᠦᠴᠢᠷᠳᠡᠯᠳᠠᠢ ᠪᠤᠯ ᠨᠡᠶᠢᠳᠡ ᠤᠯᠠᠨ ᠢᠶᠠᠷ ᠢᠶᠠᠨ ᠲᠤᠰᠠᠯᠠᠯᠴᠠᠬᠤ ᠪᠦᠬᠦ ᠭᠠᠴᠠᠭ᠎ᠠ ᠪᠠᠷ ᠢᠶᠠᠨ ᠡᠶ᠎ᠡ | ᠨᠠᠶᠢᠳᠠᠢ ᠬᠠᠮᠳᠦ ᠪᠠᠷ ᠲᠠᠪᠰᠢᠬᠤ ᠰᠠᠶᠢᠨ ᠰᠠᠶᠢᠬᠠᠨ ᠠᠭᠤᠷ ᠠᠮᠢᠰᠭᠤᠯ ᠢ ᠪᠤᠢ ᠪᠤᠯᠭᠠᠵᠦ ᠴᠢᠳᠠᠭᠰᠠᠨ ᠪᠠᠶᠢᠨ᠎ᠠ᠃ | ᠲᠦᠮᠡᠨᠵᠢᠷᠭᠠᠯ᠄ ︽ᠬᠤᠶᠢᠰᠢᠳᠠ ᠦᠪᠡᠷ ᠤᠨ ᠲᠤᠬᠠᠶᠢᠯᠠᠭᠰᠠᠨ ᠠᠵᠢᠯ ᠢᠶᠠᠨ ᠤᠯᠠᠮ ᠰᠠᠶᠢᠨ ᠬᠢᠵᠦ ᠂ | ᠪᠤᠳᠠᠳᠦ ᠦᠢᠯᠡ ᠠᠵᠢᠯᠯᠠᠭ᠎ᠠ ᠪᠠᠷ ᠢᠶᠠᠨ ᠮᠠᠯᠴᠢᠨ ᠲᠦᠮᠡᠨ ᠤ ᠪᠠᠨ ᠠᠮᠢᠳᠤᠷᠠᠯ ᠢ ᠰᠠᠶᠢᠵᠢᠷᠠᠭᠤᠯᠬᠤ ᠪᠠᠷ ᠨᠡᠩ | ᠴᠢᠷᠮᠠᠶᠢᠨ ᠠᠵᠢᠯᠯᠠᠨ᠎ᠠ︾ ᠭᠡᠵᠦ ᠶᠠᠷᠢᠵᠦ ᠪᠠᠶᠢᠯ᠎ᠠ᠃ |