ᠤᠢ ᠰᠢᠭᠤᠢ ᠡᠪᠡᠰᠦ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠵᠦ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠪᠣᠬᠢᠷᠲᠤᠯ ᠦᠭᠡᠢ ᠭᠡᠷ ᠣᠷᠣᠨ ᠢ ᠬᠠᠮᠠᠭᠠᠯᠠᠰᠤᠭᠠᠢ — 2021 ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2021/5/14
     ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠠᠷᠪᠠᠨ ᠭᠤᠷᠪᠠᠳᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ 5 ᠰᠠᠷ᠎ᠠ ᠶᠢᠨ 8 ᠤ ᠡᠳᠦᠷ ᠠᠴᠠ 14 ᠤ ᠡᠳᠦᠷ ᠪᠣᠯᠲᠠᠯ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠪᠣᠯᠤᠨ᠎ᠠ᠂ ᠡᠨᠡ ᠵᠢᠯ ᠤᠨ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠨᠢ ︽ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠶ᠎ᠡ ︾ ᠭᠡᠬᠦ ᠭᠤᠣᠯ ᠰᠡᠳᠦᠪ ᠲᠠᠢ᠃      5 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠯ᠎ᠠ ᠨᠤᠲᠤᠭ ᠤᠨ ᠰᠣᠶᠣᠯ ᠤᠨ ᠣᠷᠳᠣᠨ ᠳᠤ ᠬᠤᠯᠪᠣᠭᠳᠠᠯ ᠪᠥᠬᠦᠶ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠥᠷᠭᠡᠨ ᠣᠯᠠᠨ ᠲᠦᠮᠡᠨ ᠳᠤ ︽ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠰᠠᠨᠠᠭᠠᠴᠢᠯᠠᠭ᠎ᠠ ᠶᠢᠨ ᠪᠢᠴᠢᠭ︾ ︽ᠬᠤᠯᠤᠭᠠᠨ᠎ᠠ ᠬᠢᠵᠢᠭ ᠵᠢᠴᠢ ᠬᠢᠵᠢᠭᠲᠦ ᠣᠷᠣᠨ ᠤ ᠲᠠᠯ᠎ᠠ ᠨᠤᠲᠤᠭ ᠤᠨ ᠬᠤᠯᠤᠭᠠᠨ᠎ᠠ ᠤᠰᠠᠳᠬᠠᠬᠤ ᠳᠤ ᠠᠩᠬᠠᠷᠬᠤ ᠵᠦᠶ᠋ᠯᠡᠰ ︵ᠮᠣᠩᠭᠤᠯ ᠬᠢᠲᠠᠳ ᠬᠤᠤᠰ ᠬᠡᠯᠡ︶︾ ᠤᠨ ᠤᠬᠠᠭᠤᠯᠭ᠎ᠠ ᠶᠢᠨ ᠮᠠᠲ᠋ᠧᠷᠢᠶᠠᠯ ᠵᠢᠴᠢ ᠴᠠᠭᠠᠰᠤ ᠰᠤᠭᠤᠯᠬᠤ᠂ ᠴᠠᠭᠠᠰᠤᠨ ᠴᠣᠮᠣ ᠵᠡᠷᠭᠡ ᠤᠬᠠᠭᠤᠯᠭ᠎ᠠ ᠶᠢᠨ ᠲᠤᠰᠬᠠᠶ ᠬᠡᠷᠡᠭᠯᠡᠭᠡᠨ ᠤ ᠦᠶ᠋ᠯᠡᠳᠬᠦᠨ ᠢ ᠲᠠᠷᠬᠠᠭᠠᠪᠠ᠃ ᠠᠵᠢᠯᠯᠠᠭ᠎ᠠ ᠠᠴᠠ ᠡᠮᠦᠨ᠎ᠡ ᠨᠢᠭᠡᠴᠡ ᠶᠢᠨ ᠡᠭᠦᠳᠡᠨ ᠠᠰᠠᠷ ᠤᠨ LED ᠳᠡᠯᠭᠡᠴᠡ ᠳᠤ ᠤᠬᠠᠭᠤᠯᠭ᠎ᠠ ᠶᠢᠨ ᠯᠣᠽᠦ᠋ᠩ ᠲᠠᠯᠪᠢᠵᠠᠶ᠃      ᠳᠠᠷᠠᠭᠠᠴᠢ ᠶᠢᠨ ᠠᠯᠬᠤᠮ ᠳᠤ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢ᠊ ᠡᠶ᠎ᠡ ᠦᠷᠭᠦᠯᠵᠢᠯᠡᠨ ᠰᠢ ᠶᠢᠨ ᠫᠢᠩ ᠶᠡᠷᠦᠩᠬᠡᠢ ᠱᠦᠵᠢ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ᠂ ᠳᠠᠷᠬᠠᠨ ᠮᠤᠤᠮᠢᠩᠭᠠᠨ ᠬᠤᠰᠢᠭᠤᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ ᠂ ︽ᠤᠷᠢᠳᠴᠢᠯᠠᠨ ᠰᠡᠷᠭᠡᠶᠢᠯᠡᠬᠦ᠂ ᠠᠶᠤᠯ ᠲᠦᠭᠰᠢᠭᠦᠷᠢ ᠠᠴᠠ ᠰᠡᠷᠭᠡᠶᠢᠯᠡᠬᠦ᠂ ᠬᠠᠷᠰᠢ ᠰᠠᠭᠠᠳ ᠠᠴᠠ ᠰᠡᠷᠭᠡᠶᠢᠯᠡᠬᠦ︾ ︽ᠡᠷᠲᠡ ᠠᠴᠠ ᠰᠡᠷᠭᠡᠶᠢᠯᠡᠬᠦ᠂ ᠪᠠᠭ᠎ᠠ ᠠᠴᠠ ᠰᠡᠷᠭᠡᠶᠢᠯᠡᠬᠦ︾ ᠪᠦᠬᠦ ᠬᠡᠯᠬᠢ᠊ ᠡᠶ᠎ᠡ ᠶᠢᠨ ᠬᠠᠮᠢᠶᠠᠷᠤᠯᠲᠠ ᠶᠢ ᠪᠠᠷᠢᠮᠲᠠᠯᠠᠵᠤ᠂ ᠤᠢ ᠰᠢᠭᠤᠢ ᠡᠪᠡᠰᠦ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠬᠦ ᠶᠢ ᠪᠠᠷᠢᠮᠲᠠᠯᠠᠵᠤ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢ᠊ ᠡᠶ᠎ᠡ ᠠᠴᠠ᠄ ᠪᠢᠳᠡ ᠬᠥᠳᠡᠯᠦᠯᠴᠡᠵᠦ᠂ ᠤᠢ ᠰᠢᠭᠤᠢ ᠡᠪᠡᠰᠦ ᠪᠡᠯᠴᠢᠭᠡᠷ ᠤᠨ ᠭᠡᠷ ᠣᠷᠣᠨ ᠢᠶᠠᠨ ᠬᠠᠮᠲᠤᠪᠠᠷ ᠰᠠᠬᠢᠨ ᠬᠠᠮᠠᠭᠠᠯᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠶ᠎ᠡ︾ ᠭᠡᠵᠦ ᠰᠠᠨᠠᠭᠠᠴᠢᠯᠠᠪᠠ᠃      ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠪᠣᠯ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢᠨ ᠴᠢᠬᠤᠯᠠ ᠠᠭᠤᠯᠭ᠎ᠠ ᠪᠣᠯᠤᠨ᠎ᠠ᠂ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠶᠢᠨ ᠨᠤᠲᠤᠭ ᠪᠡᠯᠴᠢᠭᠡᠷ ᠤᠨ ᠲᠤᠰᠬᠠᠶ ᠮᠡᠷᠭᠡᠵᠢᠯ ᠤᠨ ᠠᠵᠢᠯᠲᠠᠳ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ᠂ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ ᠪᠠ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠬᠤ ᠶᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ ᠬᠠᠷᠢᠯᠴᠠᠭ᠎ᠠ ᠪᠠᠨ ᠴᠢᠩᠭᠠᠳᠬᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠭᠤᠤᠯ ᠰᠡᠳᠦᠪᠲᠦ ᠦᠶ᠋ᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ᠂ ᠬᠤᠯᠤᠭᠠᠨ᠎ᠠ ᠶᠢᠨ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠵᠢᠴᠢ ᠨᠤᠲᠤᠭ ᠪᠡᠯᠴᠢᠭᠡᠷ ᠤᠨ ᠬᠤᠯᠤᠭᠠᠨ᠎ᠠ ᠶᠢ ᠤᠰᠠᠳᠬᠠᠬᠤ ᠠᠵᠢᠯᠯᠠᠭ᠎ᠠ ᠶᠢ ᠴᠠᠭ ᠲᠤᠨᠢ ᠳᠣᠭᠢᠷᠠᠭᠤᠯᠤᠨ ᠲᠥᠪᠯᠡᠷᠡᠭᠦᠯᠦᠨ ᠥᠷᠨᠢᠭᠦᠯᠬᠦ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号