ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︽ᠠᠵᠢᠯᠴᠢᠨ ᠤ ᠡᠪᠯᠡᠯ ᠢ ᠲᠦᠮᠡᠨ ᠡᠷᠦᠬᠡ ᠳᠤ ᠬᠦᠷᠭᠡᠬᠦ︾ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠬᠤ ᠪᠠ ︽ᠭᠤᠷᠪᠠ ᠶᠢ ᠠᠰᠠᠭᠤᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/17
     ᠠᠵᠢᠯᠴᠢᠨ ᠤ ᠡᠪᠯᠡᠯ ᠤᠨ ᠨᠠᠮ ᠤᠨ ᠠᠵᠢᠯᠳᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠪᠣᠯᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠᠬᠢ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ ︽ᠭᠤᠷᠪᠠ ᠶᠢ ᠠᠰᠠᠭᠤᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ 5 ᠰᠠᠷ᠎ᠠ ᠶᠢᠨ 13 ᠤ ᠡᠳᠦᠷ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠰᠡᠷᠭᠦᠯ᠂ ᠳᠡᠳ᠋ ᠲᠡᠷᠢᠭᠦᠯᠡᠭᠴᠢ ᠲᠠᠪᠰᠢᠷᠠᠲᠤ ᠨᠠᠷ ᠯᠢᠦᠢ ᠲᠢᠶᠠᠨ ᠱᠤ᠂ ᠵᠠᠩ ᠹᠠᠩ᠂ ᠣᠷᠣᠯᠠᠭᠴᠢ ᠭᠤᠷᠪᠠᠨ ᠥᠬᠢᠨ᠂ ᠳ᠋ᠠ ᠬᠠᠨ ᠪᠦᠦ ᠵᠡᠷᠭᠡ 70 ᠨᠠᠰᠤᠨ ᠠᠴᠠ ᠳᠡᠭᠡᠭᠰᠢᠬᠢ ᠲᠦᠷᠪᠡᠨ ᠬᠥᠳᠡᠯᠮᠦᠷᠢ ᠶᠢᠨ ᠵᠢᠱᠢᠶᠡᠴᠢ ᠶᠢ ᠲᠣᠬᠤᠨᠢᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠭᠡᠷ ᠲᠤ ᠭᠦᠨᠵᠡᠭᠡᠶᠢᠷᠡᠵᠦ᠂ ᠲᠡᠳᠡᠨ ᠳᠤ ᠲᠣᠬᠤᠨᠢᠭᠤᠯᠬᠤ ᠪᠣᠳᠠᠰ ᠵᠢᠴᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠬᠠᠯᠠᠮᠵᠢᠯᠠᠯ ᠢ ᠬᠦᠷᠭᠡᠪᠡ᠃
      ᠬᠦᠷᠦᠭᠰᠡᠨ ᠭᠠᠵᠠᠷ ᠪᠣᠯᠭᠠᠨ ᠳᠤ᠂ ᠰᠡᠷᠭᠦᠯᠡᠩ ᠨᠥᠬᠦᠷ᠂  ᠲᠠᠪᠰᠢᠯᠳᠦ ᠨᠥᠬᠦᠷ ᠬᠥᠳᠡᠯᠮᠦᠷᠢ ᠶᠢᠨ ᠵᠢᠱᠢᠶᠡᠴᠢ ᠨᠡᠷ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠳᠣᠲᠣᠨᠣ ᠪᠠᠷ ᠠᠰᠠᠭᠤᠨ ᠯᠠᠪᠯᠠᠵᠤ᠂ ᠲᠡᠳᠡᠨ ᠤ ᠠᠳᠠᠯᠢ ᠪᠤᠰᠤ ᠠᠵᠢᠯ ᠤᠨ ᠪᠠᠶᠢᠷᠢ ᠳᠡᠭᠡᠷ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠲᠡᠳᠡᠨ ᠳᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢᠶᠠᠨ ᠠᠩᠬᠠᠷᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃
     ᠬᠥᠳᠡᠯᠮᠦᠷᠢ ᠶᠢᠨ ᠵᠢᠱᠢᠶᠡᠴᠢ ᠪᠣᠯ ᠴᠠᠭ ᠦᠶ᠎ᠡ ᠶᠢᠨ ᠳᠠᠭᠤᠷᠢᠶᠠᠯ᠂ ᠤᠯᠠᠨ ᠲᠦᠮᠡᠨ ᠤ ᠦᠯᠢᠭᠡᠷ ᠳᠠᠭᠤᠷᠢᠶᠠᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠬᠤ ᠲᠠᠰᠢᠷᠠᠮ ᠳᠤ ︽ᠠᠵᠢᠯᠴᠢᠨ ᠤ ᠡᠪᠯᠡᠯ ᠢ ᠲᠦᠮᠡᠨ ᠡᠷᠦᠬᠡ ᠳᠤ ᠬᠦᠷᠭᠡᠬᠦ︾ ᠪᠠᠶᠢᠴᠠᠭᠠᠨ ᠰᠤᠳᠤᠯᠤᠯᠲᠠ ᠬᠢᠵᠦ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠬᠦ ᠨᠢ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠠᠮᠢᠳᠤᠷᠠᠯ ᠢ ᠬᠠᠯᠠᠮᠵᠢᠯᠠᠵᠤ᠂ ᠦᠨᠡᠨ ᠰᠡᠳᠬᠢᠯ ᠠᠴᠠ ᠪᠠᠨ ᠬᠥᠳᠡᠯᠮᠦᠷᠢ ᠶᠢᠨ ᠵᠢᠱᠢᠶᠡᠴᠢ ᠳᠤ ᠦᠢᠯᠡᠴᠢᠯᠡᠬᠦ ᠳᠤ ᠲᠤᠰᠠᠲᠠᠢ ᠪᠣᠯᠬᠤᠷ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号