ᠪᠤᠭᠤᠲᠤ ᠬᠤᠲᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/5/17
    
     2021 ᠣᠨ ᠤ 5 ᠰᠠᠷ᠎ᠠ ᠶᠢᠨ 13 ᠤ ᠡᠳᠦᠷ ᠪᠤᠭᠤᠲᠤ ᠬᠤᠲᠠ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠢᠦᠶ ᠱᠧᠩ ᠶᠦᠨ᠂ ᠭᠠᠮᠰᠢᠭ ᠠᠴᠠ ᠠᠪᠤᠷᠬᠠᠤ ᠪᠠ ᠡᠳ᠋ ᠪᠣᠳᠠᠰ ᠤᠨ ᠪᠠᠲᠤᠯᠠᠭ᠎ᠠ ᠶᠢᠨ ᠰᠠᠯᠠᠭᠠᠨ ᠤ ᠳᠠᠷᠤᠭ᠎ᠠ ᠹᠠᠨ ᠸᠤᠨ ᠴᠢᠤᠸᠠᠨ ᠨᠠᠷ ᠮᠠᠨ ᠤ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠳᠡᠳ᠋ ᠬᠤᠰᠢᠭᠤᠨ ᠳᠠᠷᠤᠭ᠎ᠠ ᠸᠠᠩ ᠪᠦᠦ ᠸᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠵᠤ᠂ ᠲᠣᠪᠴᠢᠶᠠᠨ ᠳᠠᠷᠤᠭ᠎ᠠ ᠸᠠᠩ ᠶᠦᠩ ᠳ᠋ᠦᠩ ᠮᠠᠨ ᠤ ᠬᠤᠰᠢᠭᠤᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠲᠣᠭᠲᠠᠴᠠ᠂ ᠵᠠᠷᠤᠳᠠᠯ ᠤᠨ ᠪᠠᠲᠤᠯᠠᠭ᠎ᠠ᠂ ᠠᠵᠢᠯᠲᠠᠨ ᠤ ᠡᠩᠨᠡᠭᠡ᠂ ᠮᠡᠷᠭᠡᠵᠢᠯ ᠤᠨ ᠬᠡᠷᠡᠭᠯᠡᠭᠡᠨ᠂ ᠤᠬᠠᠭᠤᠯᠭ᠎ᠠ ᠪᠣᠯᠪᠠᠰᠤᠷᠠᠭᠤᠯᠤᠯ ᠵᠡᠷᠭᠡ ᠠᠵᠢᠯ ᠤᠨ ᠲᠣᠭᠤᠷᠢᠨ ᠳᠤ ᠬᠠᠮᠢᠶ᠎ᠠ ᠪᠦᠭᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠣᠯᠢᠯᠴᠠᠭ᠎ᠠ ᠪᠠ ᠶᠠᠷᠢᠯᠴᠠᠭ᠎ᠠ ᠬᠢᠵᠦ᠂ ᠮᠠᠨ ᠤ ᠬᠤᠰᠢᠭᠤᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠬᠡᠷ ᠤᠨ ᠠᠵᠢᠯᠲᠠᠳ ᠪᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯᠲᠠᠳ ᠲᠤ ᠪᠣᠯᠪᠠᠰᠤᠷᠠᠯ ᠬᠦᠷᠲᠡᠭᠡᠪᠡ᠃      ᠪᠠᠶᠢᠭᠠᠯᠢ ᠢᠢᠨ ᠭᠠᠮᠰᠢᠭ   ᠤᠨ ᠶᠡᠷᠦᠩᠬᠡᠶᠢᠯᠡᠭᠰᠡᠨ ᠲᠦᠭᠰᠢᠭᠦᠷᠢ  ᠵᠢᠨ‌ᠨᠡᠶᠢᠳᠡᠮ ᠪᠠᠶᠢᠴᠠᠭᠠᠯᠲᠠ ᠪᠣᠯ ᠤᠯᠤᠰ   ᠤᠨ ᠪᠠᠶᠢᠳᠠᠯ ᠤᠯᠤᠰ   ᠤᠨ ᠬᠦᠴᠦᠨ   ᠤ ᠨᠢᠭᠡ ᠵᠦᠢᠯ   ᠤᠨ ᠴᠢᠬᠤᠯᠠ ᠶᠡᠭᠡ ᠪᠠᠶᠢᠴᠠᠭᠠᠯᠲᠠ ᠪᠣᠯᠬᠤ ᠪᠥᠭᠡᠳ ᠪᠠᠶᠢᠭᠠᠯᠢ   ᠶᠢᠨ ᠭᠠᠮᠰᠢᠭ   ᠢ ᠰᠡᠷᠭᠡᠶᠢᠯᠡᠨ ᠵᠠᠰᠠᠬᠤ ᠴᠢᠳᠠᠪᠤᠷᠢ   ᠶᠢ ᠳᠡᠭᠡᠭᠰᠢᠯᠡᠭᠦᠯᠬᠦ ᠰᠠᠭᠤᠷᠢ ᠴᠢᠨᠠᠷᠲᠠᠶ ᠠᠵᠢᠯ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠬᠡᠷ ᠳᠡᠭᠡᠳᠦ ᠱᠠᠲᠤᠨ ᠤ ᠳᠣᠭᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠲᠤᠷᠰᠢᠯᠲᠠ ᠶᠢᠨ ᠴᠢᠬ ᠤᠨ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢᠨ ᠦᠷ᠎ᠡ ᠪᠦᠲᠦᠭᠡᠯ ᠢ ᠭᠦᠶ᠋ᠴᠡᠳ ᠰᠢᠩᠭᠡᠭᠡᠨ ᠠᠪᠤᠭᠰᠠᠨ ᠰᠠᠭᠤᠷᠢᠨ ᠳᠡᠭᠡᠷ᠎ᠡ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠶ᠋ᠯᠡᠳᠦᠯ ᠢᠶᠠᠨ ᠪᠠᠳᠠᠷᠠᠭᠤᠯᠵᠤ᠂ ᠠᠵᠢᠯ ᠤᠨ ᠰᠡᠳᠬᠢᠮᠵᠢ ᠪᠠᠨ ᠰᠢᠨ᠎ᠡ ᠪᠠᠷ ᠡᠭᠦᠳᠴᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号