ᠬᠠᠤᠯᠢ ᠴᠠᠭᠠᠵᠠ ᠪᠠᠷ ᠵᠡᠮᠳᠡᠭᠴᠦᠳ ᠢ ᠲᠤᠰᠠᠯᠠᠬᠤ ᠬᠠᠶᠢᠷ᠎ᠠ ᠰᠡᠳᠬᠢᠯᠭᠡ ᠭᠦᠨ ᠵᠤᠵᠠᠭᠠᠨ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2021/5/17
     ᠵᠡᠮᠳᠡᠭᠴᠦᠳ ᠤᠨ ᠬᠠᠮᠲᠤᠯᠢᠭ ᠤᠨ ︽ᠬᠠᠤᠯᠢ ᠶᠢ ᠮᠡᠳᠡᠬᠦ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ︾ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠪᠠᠨ ᠴᠢᠩᠭᠠᠳᠬᠠᠵᠤ᠂ ᠵᠡᠮᠳᠡᠭᠴᠦᠳ ᠤᠨ ᠠᠮᠢᠳᠤᠷᠠᠯ ᠤᠨ ᠵᠣᠯ ᠵᠢᠷᠭᠠᠯᠲᠤ ᠰᠡᠳᠬᠢᠭᠳᠡᠯ᠂ ᠬᠦᠷᠲᠡᠮᠵᠢ ᠶᠢᠨ ᠰᠡᠳᠬᠢᠭᠳᠡᠯ ᠢ ᠳᠡᠭᠡᠭᠰᠢᠯᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠪᠢ ᠴᠢᠮᠠᠶᠢ ᠬᠠᠪᠰᠤᠷᠤᠨ᠎ᠠ ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠵᠤ᠂ ᠭᠤᠴᠢᠨ ᠨᠢᠭᠡᠳᠦᠭᠡᠷ ᠤᠳᠠᠭ᠎ᠠ ᠶᠢᠨ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢ᠊ ᠡᠶ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ︽ᠬᠠᠤᠯᠢ ᠴᠠᠭᠠᠵᠠ ᠪᠠᠷ ᠵᠡᠮᠳᠡᠭᠴᠦᠳ ᠢ ᠲᠤᠰᠠᠯᠠᠬᠤ ᠬᠠᠶᠢᠷ᠎ᠠ ᠰᠡᠳᠬᠢᠯᠭᠡ ᠲᠠᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠣᠯ ᠰᠡᠳᠦᠪ ᠪᠣᠯᠭᠠᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠳᠤᠮᠳᠠ ᠮᠠᠨ ᠤ ᠲᠣᠪᠴᠢᠶ᠎ᠠ ᠲᠤᠤ ᠮᠠ ᠭᠧᠤ ᠲᠠᠷᠢᠶᠠᠯᠠᠩ ᠤᠨ ᠦᠵᠡᠮᠵᠢ ᠶᠢᠨ ᠣᠷᠣᠨ ᠳᠤ ᠭᠦᠨᠵᠡᠭᠡᠶᠢᠷᠡᠬᠦ ᠪᠠᠷ ᠳᠠᠮᠵᠢᠭᠤᠯᠤᠨ᠂ ᠵᠡᠮᠳᠡᠭᠴᠦᠳ ᠲᠤ ︽ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠬᠠᠤᠯᠢ ᠴᠠᠭᠠᠵᠠ ᠶᠢᠨ ᠤᠬᠠᠭᠤᠯᠭ᠎ᠠ ᠶᠢ ᠬᠥᠳᠡᠭᠡ ᠲᠣᠰᠬᠤᠨ ᠳᠤ ᠬᠦᠷᠭᠡᠬᠦ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠬᠠᠤᠯᠢ ᠴᠠᠭᠠᠵᠠ ᠶᠢᠨ ᠰᠡᠵᠢᠭ ᠢ ᠨᠢᠭᠤᠷᠲᠠᠨ ᠬᠠᠷᠢᠭᠤᠯᠵᠤ᠂ ᠵᠡᠮᠳᠡᠭᠴᠦᠳ ᠢ ᠳᠠᠭᠠᠭᠤᠯᠤᠨ ᠠᠮᠢ ᠠᠬᠤᠶ ᠶᠢᠨ ᠲᠠᠷᠢᠮᠠᠯ ᠤᠨ ᠣᠷᠣᠨ᠂ ᠴᠡᠴᠡᠭ ᠤᠨ ᠲᠡᠯᠡᠶ ᠶᠢᠨ ᠲᠠᠷᠢᠮᠠᠯ ᠤᠨ ᠣᠷᠣᠨ᠂ ᠪᠣᠬᠢᠷᠲᠤᠯ ᠥᠬᠡᠶ ᠲᠡᠭᠦᠬᠦ ᠣᠷᠣᠨ᠂ ᠮᠠᠯ ᠲᠡᠵᠢᠭᠡᠪᠦᠷᠢ ᠶᠢᠨ ᠣᠷᠣᠨ᠂ ᠦᠶ᠋ᠯᠡᠳᠪᠦᠷᠢᠯᠡᠵᠦ ᠡᠳ᠋ᠰᠢᠭᠦᠯᠬᠦ ᠣᠷᠣᠨ ᠵᠡᠷᠭᠡ ᠦᠵᠡᠮᠵᠢ ᠶᠢᠨ ᠣᠷᠣᠨ ᠢᠶᠠᠷ ᠲᠣᠭᠤᠷᠢᠨ ᠦᠵᠡᠭᠦᠯᠵᠦ᠂ ᠬᠠᠷᠢᠶᠠᠲᠤ ᠣᠷᠣᠨ ᠤ ᠵᠡᠮᠳᠡᠭᠴᠦᠳ ᠲᠤ ᠡᠯᠪᠡᠭ ᠪᠠᠶᠠᠯᠢᠭ ︽ᠬᠠᠤᠯᠢ ᠪᠠᠷ ᠵᠠᠰᠠᠬᠤ︾ ᠬᠤᠭᠤᠯᠠ ᠢᠳᠡᠭᠦᠯᠪᠡ᠃      ᠲᠤᠰ ᠤᠳᠠᠭᠠᠨ ᠤ ᠠᠵᠢᠯᠯᠠᠭ᠎ᠠ ᠨᠢ ᠵᠡᠮᠳᠡᠭᠴᠦᠳ ᠲᠤ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠡᠳ᠋ᠯᠡᠭᠦᠯᠬᠦ ᠳᠤ ᠠᠰᠢᠭᠲᠠᠶ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠪᠠ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠬᠠᠶᠢᠷᠠᠯᠠᠬᠤ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ ᠡᠷᠡᠰ ᠬᠠᠲᠠᠭᠤ ᠵᠠᠩ ᠴᠢᠨᠠᠷ ᠢ ᠤᠯᠠᠮ ᠨᠢᠭᠡ ᠠᠯᠬᠤᠮ ᠪᠤᠶ ᠪᠣᠯᠭᠠᠵᠤ᠂ ᠵᠥᠪ ᠠᠮᠢᠳᠤᠷᠠᠬᠤᠶ ᠶᠢᠨ ᠦᠵᠡᠯᠲᠡ ᠪᠠ ᠶᠢᠷᠲᠢᠨᠴᠦ ᠶᠢᠨ ᠦᠵᠡᠯᠲᠡ ᠶᠢ ᠪᠤᠢ ᠪᠣᠯᠭᠠᠵᠤ᠂ ᠥᠷᠭᠡᠨ ᠤᠯᠠᠨ ᠰᠠᠭᠤᠭᠠᠯᠢ ᠠᠷᠠᠳ ᠵᠢᠴᠢ ᠵᠡᠮᠳᠡᠭᠴᠦᠳ ᠤᠨ ᠬᠠᠮᠲᠤᠯᠢᠭ ᠤᠨ ᠬᠠᠤᠯᠢ ᠶᠢ ᠰᠤᠷᠤᠯᠴᠠᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠴᠡᠪᠡᠷᠰᠢᠭᠦᠯᠬᠦ ᠳᠤ ᠤᠬᠠᠮᠰᠠᠷ ᠠᠴᠠ ᠪᠠᠨ ᠣᠷᠣᠯᠴᠠᠭᠤᠯᠵᠤ ᠂ ᠵᠡᠮᠳᠡᠭᠴᠦᠳ ᠤᠨ ᠬᠠᠮᠲᠤᠯᠢᠭ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号