ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠨᠠᠷ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/5/18
     5 ᠰᠠᠷ᠎ᠠ ᠶᠢᠨ 15 ᠤ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠸᠠᠩ ᠯᠢ ᠵᠢᠶᠦ᠋ᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠶᠢᠨ ᠵᠥᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠵᠣᠣ ᠯᠢᠶᠠᠩ ᠵᠢᠴᠢ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠰᠢᠤᠸᠠᠢ ᠰᠥᠩ ᠱᠦᠵᠢ ᠵᠣᠣ ᠯᠢᠶᠠᠩ ᠳᠡᠳ᠋ ᠬᠤᠰᠢᠭᠤᠨ ᠳᠠᠷᠤᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠭᠦᠶ᠋ᠴᠡᠳ ᠨᠤᠲᠠᠯᠠᠵᠠᠶ᠃ ᠲᠡᠷᠡ ᠵᠢᠭᠠᠵᠤ ᠭᠠᠷᠭᠠᠭᠰᠠᠨ ᠨᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠲᠠᠭᠠᠭᠤᠯᠭ᠎ᠠ ᠳᠣᠤᠷ᠎ᠠ᠂ ᠨᠢᠭᠡ ᠲᠠᠯ᠎ᠠ ᠶᠢᠨ ᠬᠥᠭᠵᠢᠯᠲᠡ ᠶᠢ ᠪᠠᠲᠤᠯᠠᠬᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ᠂ ᠨᠢᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ᠂ ᠪᠥᠬᠦ ᠬᠤᠰᠢᠭᠤᠨ ᠤ ᠨᠡᠶᠢᠭᠡᠮ ᠤᠨ ᠲᠣᠭᠲᠠᠭᠤᠨ ᠪᠠ ᠠᠵᠤ ᠠᠬᠤᠶ ᠶᠢᠨ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠰᠠᠶᠢᠨ ᠠᠵᠢᠯ ᠤᠨ ᠰᠤᠷᠲᠠᠯ ᠲᠠᠢ ᠪᠠᠶᠢᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠡᠯ᠎ᠡ ᠵᠦᠶ᠋ᠯ ᠤᠨ ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃      ᠰᠢᠤᠸᠠᠢ ᠰᠦᠩ ᠱᠦᠵᠢ᠂ ᠣᠳᠣᠬᠠᠨ ᠳᠤ ᠥᠷᠨᠢᠭᠦᠯᠵᠦ ᠪᠠᠶᠢᠭ᠎ᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠤᠨ ᠵᠠᠩᠭᠢᠯᠠᠭ᠎ᠠ ᠶᠢᠨ ᠴᠡᠭ ᠶᠣᠰᠣᠭᠠᠷ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠠᠶᠢᠲᠤᠷ ᠠᠳᠬᠤᠵᠤ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠤᠭᠤᠲᠤ ᠳᠠᠬᠢ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠬᠰᠠᠨ ᠰᠠᠨᠠᠯ ᠳᠤ ᠴᠢᠭᠯᠡᠭᠦᠯᠵᠦ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠠᠷᠬᠠᠭ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠶᠠᠪᠤᠴᠠ ᠳᠤ ᠭᠤᠣᠯᠳᠠᠯᠭ᠎ᠠ ᠪᠣᠯᠤᠨ ᠥᠷᠭᠡᠨ ᠣᠯᠠᠨ ᠺᠠᠳ᠋ᠷ ᠴᠠᠭᠳᠠᠭ᠎ᠠ ᠨᠠᠷ ︽ᠥᠪᠡᠷ ᠢᠶᠠᠨ ᠪᠠᠶᠢᠴᠠᠭᠠᠭᠰᠠᠨ ᠢ ᠠᠭᠤᠴᠢᠯᠠᠨ ᠰᠢᠳᠬᠡᠬᠦ᠂ ᠪᠠᠶᠢᠴᠠᠭᠠᠭᠳᠠᠭᠰᠠᠳ ᠢ ᠴᠢᠩᠭ᠎ᠠ ᠰᠢᠳᠬᠡᠬᠦ︾ ᠲᠥᠷᠥ ᠶᠢᠨ ᠪᠣᠳᠣᠯᠭ᠎ᠠ ᠶᠢᠨ ᠴᠢᠬᠤᠯᠠ ᠴᠢᠨᠠᠷ ᠢ ᠲᠣᠳᠣᠷᠬᠠᠶᠢᠯᠠᠬᠤ ᠬᠡᠷᠡᠭᠲᠡᠶ᠃ ᠰᠢ ᠶᠢᠨ ᠫᠢᠩ ᠤ ᠶᠡᠷᠦᠩᠬᠡᠢ ᠱᠦᠵᠢ ᠶᠢᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠰᠤᠷᠭᠠᠯ ᠤᠨ ᠵᠣᠷᠢᠭ ᠰᠠᠨᠠᠭ᠎ᠠ ᠶᠢ ᠤᠶᠠᠯᠳᠤᠭᠤᠯᠵᠤ᠂ ᠴᠠᠭᠳᠠᠭ᠎ᠠ ᠶᠢ ᠲᠠᠭᠠᠬᠤ ᠤᠭ ᠰᠠᠨᠠᠭ᠎ᠠ ᠶᠢ ᠦᠢᠯᠡᠳᠦᠯᠭᠡᠵᠢᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠡᠷᠭᠡᠶᠢᠯᠡᠬᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠦᠷᠭᠡᠳᠬᠡᠭᠦᠷ ᠪᠣᠯᠭᠠᠵᠤ ᠂ ᠴᠣᠬᠢᠯᠲᠠ ᠥᠭᠬᠦ ᠦᠷ᠎ᠡ ᠪᠦᠲᠦᠮᠵᠢ ᠶᠢ ᠨᠡᠮᠡᠭᠳᠡᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠣᠯᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠬᠡᠷᠡᠭᠵᠢᠭᠦᠯᠦᠯᠲᠡ ᠶᠢᠨ ᠬᠠᠨᠤᠮᠵᠢ ᠶᠢᠨ ᠬᠡᠮᠵᠢ᠊ ᠡᠶ᠎ᠡ ᠶᠢ ᠦᠨᠡᠨᠬᠦ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠶᠢᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳᠡᠳ᠋ ᠬᠤᠰᠢᠭᠤᠨ ᠳᠠᠷᠤᠭ᠎ᠠ ᠵᠣᠣ ᠯᠢᠶᠠᠩ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢ ᠲᠥᠯᠥᠭᠡᠯᠡᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠦᠷᠭᠦᠯᠵᠢᠯᠡᠨ ᠴᠤᠭ ᠪᠠᠳᠠᠷᠠᠩᠭᠤᠶ ᠠᠵᠢᠯ ᠤᠨ ᠰᠤᠷᠲᠠᠯ ᠢᠶᠠᠨ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠪᠠᠷ ᠠᠵᠠ ᠲᠣᠬᠢᠶᠠᠯ ᠪᠣᠯᠭᠠᠨ᠂ ᠡᠩᠨᠡᠭᠡ ᠶᠢᠨ ᠪᠠᠶᠢᠭᠤᠯᠤᠯᠲᠠ ᠪᠠ ᠡᠯ᠎ᠡ ᠵᠦᠶ᠋ᠯ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠴᠢᠩᠭ᠎ᠠ ᠠᠳᠬᠤᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号