5 ᠰᠠᠷ᠎ᠠ ᠶᠢᠨ24 ᠤ ᠡᠳᠦᠷ᠂ ᠤᠰᠤᠨ ᠤ ᠶᠠᠪᠤᠳᠠᠯ ᠤᠨ ᠲᠤᠪᠴᠢᠶᠠᠨ ᠤ ᠲᠠᠪᠤᠳᠤᠭᠠᠷ ᠲᠠᠪᠬᠤᠷᠭ᠎ᠠ ᠳᠠᠬᠢ | ᠬᠤᠷᠠᠯ ᠤᠨ ᠭᠡᠷ ᠲᠤ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ᠂ ᠤᠰᠤᠨ ᠤ ᠶᠠᠪᠤᠳᠠᠯ ᠤᠨ ᠲᠤᠪᠴᠢᠶ᠎ᠠ | ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠡᠭᠦᠷ ᠤᠨ ᠬᠠᠮᠳᠦᠷᠠᠨ ᠵᠤᠬᠢᠶᠠᠨ ᠪᠠᠶᠢᠭᠤᠯᠤᠭᠰᠠᠨ | ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠦ ᠴᠤᠭᠴᠠᠯᠠᠵᠦ᠂ ᠨᠠᠮ | ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠨᠠᠮ ᠤᠨ ᠲᠡᠥᠬᠡ ᠶᠢᠨ ᠮᠡᠳᠡᠯᠭᠡ ᠶᠢᠨ ᠤᠷᠤᠯᠳᠤᠭᠠᠨ | ᠠᠮᠵᠢᠯᠳᠠ ᠲᠠᠢ ᠶᠠᠪᠤᠭᠳᠠᠵᠦ ᠦᠩᠭᠡᠷᠡᠯ᠎ᠡ᠃ | ᠤᠷᠤᠯᠳᠤᠭᠠᠨ ᠳᠤ ᠤᠷᠤᠯᠴᠠᠭᠰᠠᠨ ᠭᠤᠷᠪᠠᠨ ᠪᠠᠶᠢᠭᠤᠯᠭ᠎ᠠ ᠶᠢᠨ ᠤᠷᠤᠯᠴᠠᠭᠴᠢ ᠶᠢ6 ᠲᠤᠭᠤᠶᠢᠯᠠᠩ | ᠬᠤᠪᠢᠶᠠᠵᠦ᠂ ᠲᠤᠭᠤᠶᠢᠯᠠᠩ ᠪᠦᠷᠢ ᠳᠤ3 ᠬᠦᠮᠦᠨ ᠲᠤᠬᠢᠷᠠᠭᠤᠯᠤᠨ᠂ ᠤᠷᠤᠯᠳᠤᠭᠠᠨ ᠤ ᠠᠭᠤᠯᠭ᠎ᠠ ᠶᠢ ᠬᠤᠪᠢ | ᠬᠦᠮᠦᠨ ᠤ ᠵᠠᠪᠠᠯ ᠬᠠᠷᠢᠭᠤᠯᠬᠤ ᠰᠡᠳᠦᠪ᠂ ᠵᠠᠪᠳᠦᠨ ᠬᠠᠷᠢᠭᠤᠯᠬᠤ ᠰᠡᠳᠦᠪ ᠵᠡᠷᠭᠡ ᠭᠤᠷᠪᠠᠨ ᠲᠦᠷᠦᠯ ᠢᠶᠠᠷ | ᠬᠤᠪᠢᠶᠠᠬᠤ ᠶᠢᠨ ᠬᠠᠮᠳᠦ ᠠᠬᠤᠢ ᠲᠠᠯᠠᠪᠠᠢ ᠶᠢᠨ ᠦᠵᠡᠭᠴᠢᠳ ᠪᠠᠰᠠ ᠠᠰᠠᠭᠤᠯᠳᠠ ᠬᠠᠷᠢᠭᠤᠯᠵᠦ ᠤᠷᠤᠯᠳᠤᠭᠠᠨ ᠳᠤ | ᠬᠦᠭ ᠨᠡᠮᠡᠷᠢᠯᠡᠪᠡ᠃ ᠨᠢᠭᠡ ᠴᠠᠭ ᠬᠠᠭᠠᠰ ᠤᠨ ᠬᠤᠷᠴᠠ ᠰᠢᠷᠦᠭᠦᠨ ᠤᠷᠤᠯᠳᠤᠭᠠᠨ ᠢᠶᠠᠷ ᠲᠠᠮᠵᠢᠨ ᠤᠰᠤᠨ ᠤ | ᠶᠠᠪᠤᠳᠠᠯ ᠤᠨ ᠨᠠᠮ ᠤᠨ ᠡᠭᠦᠷ ᠤᠨ ᠨᠢᠭᠡᠳᠦᠭᠡᠷ ᠲᠤᠭᠤᠶᠢᠯᠠᠩ410 ᠬᠤᠪᠢ ᠪᠠᠷ ᠲᠡᠷᠢᠭᠦᠯᠡᠵᠦ᠂ ᠤᠰᠤᠨ ᠤ ᠶᠠᠪᠤᠳᠠᠯ | ᠤᠨ ᠨᠠᠮ ᠤᠨ ᠡᠭᠦᠷ ᠤᠨ ᠬᠤᠶᠠᠳᠤᠭᠠᠷ ᠲᠤᠭᠤᠶᠢᠯᠠᠩ ᠪᠠ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ | ᠤᠨ ᠨᠠᠮ ᠤᠨ ᠡᠭᠦᠷ ᠤᠨ ᠲᠤᠭᠤᠶᠢᠯᠠᠩ ᠬᠤᠶᠠᠳᠤᠭᠠᠷ ᠲᠤ ᠲᠤᠳᠤᠷᠠᠵᠠᠢ᠃ | | | | | | | | | | ᠲᠤᠰ ᠤᠳᠠᠭᠠᠨ ᠤ ᠤᠷᠤᠯᠳᠤᠭᠠᠨ ᠨᠢ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ᠂ ᠣᠰᠤᠨ ᠤ | ᠶᠠᠪᠤᠳᠠᠯ ᠤᠨ ᠲᠤᠪᠴᠢᠶ᠎ᠠ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠠᠵᠢᠯᠳᠠᠳ ᠤᠨ ᠨᠠᠮ ᠤᠨ ᠲᠡᠥᠬᠡ | ᠶᠢᠨ ᠮᠡᠳᠡᠯᠭᠡ ᠶᠢ ᠲᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠠᠵᠢᠯ ᠢᠶᠠᠨ ᠰᠠᠶᠢᠳᠦᠷ ᠬᠢᠬᠦ ᠳᠤ ᠡᠷᠬᠡᠪᠰᠢ ᠨᠠᠮ | ᠲᠦᠷᠦ ᠶᠢᠨ ᠮᠡᠳᠡᠯᠭᠡ ᠪᠠᠷ ᠦᠵᠡᠯ ᠰᠠᠨᠠᠭ᠎ᠠ ᠪᠠ ᠲᠠᠷᠢᠬᠢ ᠲᠤᠯᠤᠭᠠᠢ ᠪᠠᠨ ᠵᠡᠪᠰᠡᠭᠯᠡᠭᠰᠡᠨ ᠪᠠᠶᠢᠬᠤ ᠬᠡᠷᠡᠭᠳᠠᠢ ᠭᠡᠳᠡᠭ ᠢ | ᠤᠶᠢᠯᠠᠭᠠᠭᠤᠯᠤᠭᠰᠠᠨ ᠪᠠᠶᠢᠨ᠎ᠠ᠃ | |