ᠰᠢ ᠶᠢᠨ ᠫᠢᠩ ᠨᠠᠮ ᠤᠨ ᠲᠥᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠴᠠᠬᠢᠯᠭᠠᠨ ᠴᠢᠮᠡᠭᠡ ᠶᠠᠪᠤᠭᠤᠯᠵᠦ ᠪᠠᠶᠠᠷ ᠬᠦᠷᠭᠡᠵᠠᠢ | ᠯᠢ ᠺᠧ ᠴᠢᠶᠠᠩ ᠸᠠᠩ ᠬᠤ᠋ ᠨᠢᠩ ᠪᠡᠭᠡᠵᠢᠩ ᠳᠤ ᠬᠠᠷᠪᠤᠯᠳᠠ ᠶᠢᠨ ᠪᠤᠳᠠᠳᠤ ᠪᠠᠶᠢᠳᠠᠯ ᠢ ᠦᠵᠡᠵᠠᠢ | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ | 29 ᠤ ᠡᠳᠦᠷ ᠤᠨ 11 ᠴᠠᠭ 23 ᠮᠢᠨᠦ᠋ᠲ ᠲᠤ᠂ ᠳᠤᠮᠳᠠᠳᠤ ᠤᠯᠤᠰ ᠤᠨ ᠣᠭᠲᠠᠷᠭᠤᠢ ᠶᠢᠨ ᠦᠷᠳᠡᠭᠡ ᠶᠢᠨ | ᠲᠢᠶᠠᠠ ᠡᡁᠧ ᠭᠤᠣᠯ ᠦᠷᠦᠬᠡ ᠶᠢ ᠣᠭᠲᠠᠷᠭᠤᠢ ᠳᠤ ᠬᠠᠷᠪᠤᠵᠤ ᠭᠠᠷᠭᠠᠨ᠂ ᠵᠢᠱᠢᠭᠰᠡᠨ ᠲᠣᠭᠤᠷᠢᠯᠲᠠ ᠶᠢᠨ ᠵᠠᠮ ᠳᠤ | ᠣᠨᠣᠪᠴᠢᠲᠠᠢ ᠣᠷᠣᠵᠤ᠂ ᠬᠠᠷᠪᠤᠯᠳᠠ ᠶᠢᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠠᠢ᠃ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ | ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠣᠭᠲᠠᠷᠭᠤᠢ ᠶᠢᠨ ᠦᠷᠳᠡᠭᠡ ᠶᠢᠨ ᠱᠠᠳᠤᠴᠢ | ᠴᠢᠨᠠᠷᠲᠠᠢ ᠨᠢᠰᠦᠯᠲᠡ ᠶᠢᠨ ᠡᠭᠦᠷᠭᠡ ᠶᠢᠨ ᠶᠡᠷᠦᠩᠬᠡᠢ ᠵᠢᠯᠣᠭᠤᠳᠬᠤ ᠭᠠᠵᠠᠷ ᠬᠢᠭᠡᠳ ᠲᠢᠶᠠᠨ ᠾᠧ ᠭᠤᠣᠯ | ᠦᠷᠦᠬᠡ ᠶᠢᠨ ᠬᠠᠷᠪᠤᠯᠲᠠ ᠶᠢᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠨ ᠡᠯ᠎ᠡ ᠪᠠᠶᠢᠭᠤᠯᠭ᠎ᠠ | ᠨᠢᠭᠡᠴᠢ ᠪᠣᠯᠤᠨ ᠪᠦᠬᠦ ᠨᠥᠬᠦᠳ ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠠᠢ᠃ | | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠣᠭᠲᠠᠷᠭᠤᠢ ᠶᠢᠨ ᠦᠷᠲᠡᠭᠡ ᠪᠠᠶᠢᠭᠤᠯᠬᠤ᠂ | ᠤᠯᠤᠰ ᠤᠨ ᠰᠠᠨᠰᠠᠷ ᠤᠨ ᠲᠤᠷᠰᠢᠯᠲᠠ ᠶᠢᠨ ᠲᠠᠰᠤᠭ ᠢ ᠪᠠᠶᠢᠭᠤᠯᠤᠭᠰᠠᠨ ᠨᠢ ᠮᠠᠨ ᠤ ᠤᠯᠤᠰ ᠤᠨ ᠬᠥᠮᠦᠨ | ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ | ᠪᠤᠳᠤᠯᠭ᠎ᠠ ᠶᠢ ᠪᠡᠶᠡᠯᠡᠭᠦᠯᠬᠦ ᠶᠢᠨ ᠴᠢᠬᠤᠯᠠ ᠬᠠᠷᠠᠯᠲᠠ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ | ᠳᠠᠭᠠᠭᠤᠯᠬᠤ ᠴᠢᠨᠠᠷᠲᠠᠢ ᠢᠨᠵᠧᠨᠧᠷᠢᠩ ᠮᠥᠨ᠃ ᠲᠢᠶᠠᠨ ᠾᠧ ᠭᠤᠣᠯ ᠦᠷᠦᠬᠡ ᠶᠢ ᠠᠮᠵᠢᠯᠲᠠ ᠲᠠᠢ ᠬᠠᠷᠪᠤᠭᠰᠠᠨ ᠨᠢ | ᠮᠠᠨ ᠤ ᠤᠯᠤᠰ ᠤᠨ ᠣᠭᠲᠠᠷᠭᠤᠢ ᠶᠢᠨ ᠦᠷᠳᠡᠭᠡ ᠶᠢᠨ ᠪᠦᠳᠦᠬᠡᠨ ᠪᠠᠶᠢᠭᠤᠯᠤᠯᠲᠠ ᠪᠦᠬᠦ ᠲᠠᠯ᠎ᠠ ᠪᠠᠷ ᠬᠡᠷᠡᠭᠵᠢᠭᠦᠯᠬᠦ | ᠱᠠᠲᠤᠨ ᠳᠤ ᠤᠷᠤᠬᠰᠠᠨ ᠢ ᠬᠠᠷᠠᠭᠤᠯᠵᠤ᠂ ᠲᠠᠷᠠᠭᠠᠴᠢ ᠶᠢᠨ ᠡᠭᠦᠷᠭᠡ ᠶᠢ ᠥᠷᠨᠢᠭᠦᠯᠬᠦ ᠳᠤ ᠪᠠᠲᠤ ᠪᠠᠬᠢ ᠰᠠᠭᠤᠷᠢ | ᠲᠠᠯᠪᠢᠵᠦ ᠦᠭᠭᠦᠭᠰᠡᠨ ᠪᠠᠶᠢᠨ᠎ᠠ᠃ ᠲᠠ ᠨᠠᠷ ᠤᠨ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ ᠪᠣᠯᠤᠨ | ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠪᠡᠶ᠎ᠡ ᠪᠠᠨ | ᠳᠠᠭᠠᠭᠠᠨ ᠬᠦᠴᠦᠷᠬᠡᠭᠵᠢᠵᠦ᠂ ᠰᠢᠨ᠎ᠡ ᠶᠢ ᠡᠭᠦᠳᠴᠤ ᠳᠠᠪᠠᠨ ᠲᠤᠭᠤᠯᠵᠤ᠂ ᠣᠭᠲᠠᠷᠭᠤᠢ ᠶᠢᠨ ᠦᠷᠲᠡᠭᠡ ᠪᠠᠶᠢᠭᠤᠯᠬᠤ | ᠡᠭᠦᠷᠭᠡ ᠶᠢᠨ ᠪᠦᠬᠦ ᠲᠠᠯ᠎ᠠ ᠶᠢᠨ ᠢᠯᠠᠯᠲᠠ ᠶᠢ ᠣᠯᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠡ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ | ᠵᠢᠭᠠᠵᠤ ᠭᠠᠷᠭᠠᠪᠠ︕ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ | ᠬᠤ᠋ ᠨᠢᠩ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠬᠠᠷᠪᠤᠯᠲᠠ ᠶᠢᠨ ᠪᠣᠳᠠᠲᠤ | ᠪᠠᠶᠢᠳᠠᠯ ᠢ ᠦᠵᠡᠵᠠᠢ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠳᠡᠳ᠋ ᠲᠡᠷᠢᠭᠦᠯᠡᠭᠴᠢ ᠵᠠᠩ ᠶᠢᠦ ᠰᠢᠶᠠ ᠬᠠᠶᠢᠨᠠᠨ ᠤ ᠸᠧᠨᠴᠠᠩ ᠰᠠᠨᠰᠠᠷ ᠤᠨ | ᠠᠶᠠᠯᠠᠯ ᠤᠨ ᠬᠠᠷᠪᠤᠯᠲᠠ ᠶᠢᠨ ᠲᠠᠯᠠᠪᠠᠢ ᠳᠤ ᠰᠢ ᠶᠢᠨ ᠫᠢᠩ ᠤᠨ ᠪᠠᠶᠠᠷ ᠤᠨ ᠴᠠᠬᠢᠯᠭᠠᠨ ᠴᠢᠮᠡᠭᠡ ᠶᠢ ᠤᠩᠰᠢᠨ | ᠨᠡᠶᠢᠲᠡᠯᠡᠪᠡ᠃ | ᠯᠢᠦ ᠾᠧ᠂ ᠰᠢᠤᠢ ᠴᠢ ᠯᠢᠶᠠᠩ᠂ ᠰᠢᠶᠤᠤ ᠵᠢᠶᠧ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠭᠡᠰᠢᠭᠦᠨ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠡᠭᠡᠵᠢᠩ ᠤᠨ ᠰᠠᠨᠰᠠᠷ ᠤᠨ ᠠᠶᠠᠯᠠᠯ ᠤᠨ | ᠨᠢᠰᠦᠯᠲᠡ ᠶᠢ ᠡᠵᠡᠮᠳᠡᠬᠦ ᠲᠥᠪ ᠲᠤ ᠬᠠᠷᠪᠤᠯᠲᠠ ᠶᠢ ᠦᠵᠡᠵᠠᠢ᠃ | ᠳᠤᠮᠳᠠᠳᠤ ᠤᠯᠤᠰ ᠤᠨ ᠣᠭᠲᠠᠷᠭᠤᠢ ᠶᠢᠨ ᠦᠷᠲᠡᠭᠡ ᠪᠣᠯ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠵᠤ | ᠪᠠᠶᠢᠭᠤᠯᠵᠤ ᠡᠵᠡᠩᠨᠡᠬᠦ ᠬᠥᠮᠦᠨ ᠰᠠᠭᠤᠯᠭᠠᠭᠰᠠᠨ ᠣᠭᠲᠠᠷᠭᠤᠢ ᠶᠢᠨ ᠦᠷᠲᠡᠭᠡ ᠪᠣᠯᠤᠨ᠎ᠠ᠂ ᠲᠢᠶᠠᠨ ᠾᠧ ᠭᠤᠣᠯ | ᠦᠷᠦᠭᠡ᠂ ᠸᠧᠨ ᠲᠢᠶᠠᠨ ᠲᠤᠷᠰᠢᠯᠲᠠ ᠶᠢᠨ ᠦᠷᠦᠭᠡ᠂ ᠮᠧᠩ ᠲᠢᠶᠠᠨ ᠲᠤᠷᠰᠢᠯᠲᠠ ᠶᠢᠨ ᠦᠷᠦᠭᠡ ᠵᠡᠷᠭᠡ ᠭᠤᠷᠪᠠᠨ | ᠦᠷᠦᠭᠡ ᠪᠠᠷ ᠪᠦᠷᠢᠯᠳᠦᠵᠡᠢ᠃ ᠲᠢᠶᠠᠨ ᠾᠧ ᠭᠤᠤᠯ ᠥᠷᠥᠭᠡ ᠪᠣᠯ ᠣᠭᠲᠠᠷᠭᠤᠶ ᠶᠢᠨ ᠥᠷᠲᠡᠭᠡ ᠶᠢᠨ ᠬᠠᠮᠢᠶᠠᠷᠤᠯᠲᠠ | ᠪᠠ ᠡᠵᠡᠮᠳᠡᠬᠦ ᠲᠥᠪ ᠪᠠᠶᠢᠵᠤ᠂ ᠲᠣᠭᠤᠷᠢᠯᠲᠠ ᠶᠢᠨ ᠵᠠᠮ ᠳᠤ ᠣᠷᠣᠭᠤᠯᠤᠭᠰᠠᠨ ᠣᠭᠲᠠᠷᠭᠤᠶ ᠶᠢᠨ ᠥᠷᠲᠡᠭᠡ ᠶᠢᠨ | ᠠᠩᠬᠠᠨ ᠤ ᠦᠷᠦᠭᠡ ᠪᠣᠯᠤᠨ᠎ᠠ᠃ ᠡᠭᠦᠷᠭᠡ ᠶᠢᠨ ᠲᠣᠬᠢᠷᠠᠭᠤᠯᠤᠯᠲᠠ ᠶᠢ ᠦᠨᠳᠦᠰᠦᠯᠡᠪᠡᠯ᠂ ᠤᠭᠲᠠᠷᠭᠤᠢ ᠶᠢᠨ | ᠥᠷᠲᠡᠭᠡ ᠶᠢ 2022 ᠣᠨ ᠳᠤ ᠲᠣᠭᠤᠷᠢᠯᠲᠠ ᠶᠢᠨ ᠵᠠᠮ ᠳᠡᠭᠡᠷ᠎ᠡ ᠪᠠᠶᠢᠭᠤᠯᠵᠤ ᠳᠠᠭᠤᠰᠬᠠᠨ᠂ ᠭᠠᠵᠠᠷ ᠤᠨ | ᠪᠥᠮᠪᠥᠷᠴᠡᠭ ᠠᠴᠠ ᠣᠶᠢᠷ᠎ᠠ ᠣᠭᠲᠠᠷᠭᠤᠶ ᠳᠤ ᠬᠦᠮᠦᠨ ᠤ ᠤᠷᠤᠯᠴᠠᠯᠭ᠎ᠠ ᠲᠠᠢ ᠰᠢᠨᠵᠢᠯᠡᠬᠦ ᠤᠬᠠᠭᠠᠨ ᠤ ᠲᠤᠷᠰᠢᠯᠲᠠ᠂ | ᠮᠡᠷᠭᠡᠵᠢᠯ ᠤᠨ ᠲᠤᠷᠰᠢᠯᠲᠠ ᠶᠢ ᠣᠷᠳᠣ ᠬᠤᠭᠤᠴᠠᠭ᠎ᠠ ᠪᠠᠷ ᠥᠷᠨᠢᠭᠦᠯᠬᠦ ᠪᠠ ᠰᠠᠨᠰᠠᠷ ᠤᠨ ᠡᠬᠢ ᠪᠠᠶᠠᠯᠢᠭ ᠢ | ᠶᠡᠷᠦᠩᠬᠡᠶᠢᠯᠡᠨ ᠨᠡᠭᠡᠭᠡᠨ ᠠᠰᠢᠠᠠᠯᠠᠬᠤ ᠴᠢᠳᠠᠪᠤᠷᠢ ᠶᠢ ᠪᠦᠷᠢᠳᠦᠭᠦᠯᠵᠤ᠂ ᠬᠡᠷᠡᠭᠯᠡᠭᠡ ᠪᠠ ᠬᠥᠭᠵᠢᠯᠲᠡ ᠶᠢᠨ ᠱᠠᠲᠤᠨ ᠳᠤ | ᠰᠢᠯᠵᠢᠬᠦ ᠪᠤᠯᠤᠨ᠎ᠠ᠃ | |