ᠯᠢᠦ ᠬᠠᠶ ᠴᠢᠤᠸᠠᠨ ︽5.1︾ ᠤ ᠬᠤᠭᠤᠴᠠᠭᠠᠨ ᠳᠠᠬᠢ ᠠᠵᠤ ᠠᠬᠤᠶᠢᠯᠠᠯ ᠤᠨ ᠠᠶᠤᠯᠭᠦᠶ ᠦᠶ᠋ᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/5/6
     5 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ   ᠲᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠶᠢᠨ ᠢᠦᠶ ᠵᠢᠶ ᠳ᠋ᠦᠩ ᠱᠦᠶ᠋ᠨᠢ ᠶᠢᠨ ᠬᠢᠵᠠᠭᠠᠷᠲᠤ ᠺᠣᠮᠫᠠᠨᠢ᠂ ᠳ᠋ᠦᠩ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ ︽5.1︾ ᠤ ᠬᠤᠭᠤᠴᠠᠭᠠᠨ ᠳᠠᠬᠢ ᠠᠶᠤᠯᠭᠦᠶ ᠦᠶ᠋ᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠢᠵᠢᠭᠦᠷᠯᠡᠨ ᠰᠠᠬᠢᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠯᠢᠦ ᠬᠠᠢ ᠴᠢᠤᠸᠠᠨ ᠡᠩ ᠲᠡᠷᠢᠭᠦᠨ ᠳᠤ ᠠᠵᠤ ᠠᠬᠤᠶᠢᠯᠠᠯ ᠤᠨ ᠡᠨᠡ ᠵᠢᠯ ᠠᠴᠠ ᠨᠠᠰᠢᠬᠢ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠯᠢᠦ ᠬᠠᠢ ᠴᠢᠤᠸᠠᠨ᠂ ᠠᠶᠤᠯᠭᠦᠢ ᠦᠢᠯᠡᠳᠪᠦᠷᠢᠯᠡᠯ ᠪᠣᠯ ᠤᠯᠤᠰ ᠲᠦᠷᠤ ᠶᠢᠨ ᠠᠰᠠᠭᠤᠳᠠᠯ᠂ ᠵᠣᠷᠢᠯᠲᠠ ᠶᠢᠨ ᠠᠰᠠᠭᠤᠳᠠᠯ᠂ ᠠᠷᠠᠳ ᠤᠨ ᠠᠮᠢᠳᠤᠷᠠᠯ ᠤᠨ ᠠᠰᠠᠭᠤᠳᠠᠯ ᠮᠥᠨ ᠪᠣᠯᠬᠤᠷ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ︽ᠠᠳᠡᠯ ᠢ ᠬᠤᠷᠢᠭᠯᠠᠵᠤ᠂ ᠰᠠᠭᠤᠷᠢ ᠶᠢ ᠴᠢᠩᠭᠠᠳᠬᠠᠵᠤ᠂ ᠬᠥᠭᠵᠢᠯᠲᠡ ᠶᠢ ᠠᠬᠢᠭᠤᠯᠬᠤ︾ ᠠᠶᠤᠯᠭᠦᠢ ᠦᠢᠯᠡᠳᠪᠦᠷᠢᠯᠡᠯ ᠤᠨ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠡᠮ ᠰᠣᠭᠤᠭ ᠢ ᠪᠠᠶᠢᠴᠠᠭᠠᠨ ᠴᠡᠭᠴᠡᠯᠡᠬᠦ ᠪᠠᠷ ᠠᠮᠤᠷ ᠲᠦᠪᠰᠢᠨ ᠬᠥᠭᠵᠢᠯᠲᠡ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠥᠷᠥᠯ ᠤᠨ ᠠᠵᠤ ᠠᠬᠤᠶᠢᠯᠠᠯ ᠤᠳ ᠠᠶᠤᠯ ᠥᠬᠡᠶ ᠦᠶ᠋ᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠶᠢᠨ ᠠᠴᠠ ᠬᠠᠯᠠᠰᠢᠷᠠᠬᠤ ᠰᠡᠳᠬᠢᠯᠭᠡ ᠪᠠ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠠᠮᠤᠷ ᠲᠦᠪᠰᠢᠨ ᠤ ᠣᠷᠣᠭᠤᠯᠤᠯᠲᠠ ᠶᠢ ᠪᠣᠳᠠᠲᠠᠶᠢᠵᠢᠭᠤᠯᠬᠤ᠂ ᠠᠮᠤᠷ ᠲᠦᠪᠰᠢᠨ ᠤ ᠪᠣᠯᠪᠠᠰᠤᠷᠠᠭᠤᠯᠤᠯ ᠢ ᠪᠣᠳᠠᠲᠠᠶᠢᠵᠢᠭᠤᠯᠬᠤ᠂ ᠰᠠᠭᠤᠷᠢ ᠬᠠᠮᠢᠶᠠᠷᠤᠯᠲᠠ ᠶᠢ ᠪᠣᠳᠠᠲᠠᠶᠢᠵᠢᠭᠤᠯᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠶ᠃
     ᠯᠢᠦ ᠬᠠᠶ ᠴᠢᠤᠸᠠᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠦᠢᠯ ᠢᠶᠠᠷ ᠠᠩᠬᠠᠷᠤᠨ ᠬᠠᠯᠠᠮᠵᠢᠯᠠᠵᠤ᠂ ᠠᠵᠤ ᠠᠬᠤᠶᠢᠯᠠᠯ ᠤᠨ ᠠᠵᠢᠯᠲᠠᠳ ᠤᠨ ᠰᠢᠨ᠎ᠡ ᠸᠢᠷᠦ᠋ᠰ ᠤᠨ ᠸᠠᠺᠼᠢᠨ ᠳᠠᠷᠢᠭᠰᠠᠨ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠯᠢᠦ ᠬᠠᠶ ᠴᠢᠤᠸᠠᠨ ᠴᠢᠬᠤᠯᠠᠴᠢᠯᠠᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠢᠮᠠᠭᠲᠠ ᠬᠢᠴᠢᠶᠡᠨ ᠰᠠᠶᠢᠲᠤᠷ ᠠᠳᠬᠤᠵᠤ᠂ ᠠᠵᠢᠯᠲᠠᠨ ᠤ ᠡᠷᠡᠭᠦᠯ ᠮᠡᠨᠳᠦ ᠶᠢ ᠬᠢᠨᠠᠨ ᠬᠡᠮᠵᠢᠬᠦ᠂ ᠭᠤᠤᠯᠳᠠᠯᠭ᠎ᠠ ᠲᠠᠢ ᠣᠷᠣᠨ ᠪᠦᠰᠡ ᠶᠢ ᠠᠷᠢᠭᠤᠳᠬᠠᠨ ᠠᠷᠢᠭᠤᠳᠬᠠᠬᠤ᠂ ᠸᠢᠷᠦ᠋ᠰ ᠤᠨ ᠰᠢᠨ᠎ᠡ ᠸᠠᠺᠼᠢᠨ ᠤ ᠲᠠᠷᠢᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠶ᠋ᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ︽ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ︾ ᠬᠡᠷᠡᠭᠲᠡᠶ ᠭᠡᠵᠡᠶ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠯᠢᠦ ᠬᠠᠢ ᠴᠢᠤᠸᠠᠨ ᠠᠵᠤ ᠠᠬᠤᠶᠢᠯᠠᠯ ᠤᠨ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠶᠢ ᠴᠢᠩᠭᠠᠳᠬᠠᠬᠤ ᠵᠡᠷᠭᠡ ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠥᠭᠡᠳ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号