ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠡ 4 ᠰᠠᠷ᠎ᠠ ᠶᠢᠨ 30 ᠤ ᠦᠳᠡ ᠶᠢᠨ | ᠬᠤᠶᠢᠨ᠎ᠠ ᠰᠢᠨ᠎ᠡ ᠪᠠᠶᠢᠳᠠᠯ ᠳᠣᠣᠷᠠᠬᠢ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠬᠤᠷᠢ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ | ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ ᠠᠮᠢ ᠠᠬᠤᠶ ᠣᠷᠴᠢᠨ | ᠲᠣᠭᠤᠷᠢᠨ ᠢ ᠬᠠᠮᠠᠭᠠᠯᠠᠬᠤ ᠪᠣᠯᠤᠨ ᠠᠵᠤ ᠠᠬᠤᠶ ᠶᠢ ᠬᠦᠭᠵᠢᠬᠦᠯᠬᠦ ᠪᠣᠯ ᠬᠤᠪᠢᠰᠤᠩᠭᠤᠶ ᠨᠢᠭᠡᠳᠦᠯᠲᠡᠶ ᠪᠦᠭᠡᠳ | ᠬᠠᠷᠢᠯᠴᠠᠨ ᠨᠥᠬᠦᠴᠡᠯᠳᠦᠵᠦ ᠪᠠᠶᠢᠳᠠᠭ᠂ ᠠᠮᠢ ᠠᠬᠤᠶ ᠶᠢᠨ ᠪᠣᠯᠪᠠᠰᠤᠨ ᠢ ᠪᠠᠶᠢᠭᠤᠯᠵᠤ᠂ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠤ ᠬᠥᠭᠵᠢᠯᠲᠡ ᠶᠢ ᠠᠬᠢᠭᠤᠯᠬᠤ ᠨᠢ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠦᠵᠡᠰᠬᠦᠯᠡᠩᠲᠦ ᠰᠠᠶᠢᠬᠠᠨ ᠠᠮᠢ ᠠᠬᠤᠶ ᠣᠷᠴᠢᠨ ᠲᠣᠭᠤᠷᠢᠨ ᠤ ᠬᠡᠷᠡᠭᠴᠡᠭᠡ ᠶᠢ ᠬᠠᠩᠭᠠᠬᠤ ᠪᠠᠷ | ᠪᠠᠷᠠᠬᠤ ᠥᠬᠡᠶ᠂ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠳᠠᠭᠠᠭᠠᠮᠠᠭᠠᠢ | ᠂ ᠨᠠᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠦᠢᠯᠡᠳᠪᠦᠷᠢᠯᠡᠯ ᠬᠥᠭᠵᠢᠭᠰᠡᠨ᠂ | ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠵᠠᠮᠨᠠᠭᠤᠯᠵᠦ | ᠴᠢᠳᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ | ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠭᠤᠤᠯ | ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ | ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠶ ᠣᠷᠴᠢᠨ | ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ | ᠬᠥᠷᠭᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠪᠠᠶᠢᠯᠳᠤᠬᠤ ᠪᠤᠳᠤᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠬᠥᠮᠦᠨ ᠪᠤᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ | ᠦᠨᠳᠦᠷᠴᠡ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠥᠯᠥᠪᠵᠢᠭᠦᠯᠵᠦ᠂ ᠡᠬᠢ ᠪᠠᠶᠠᠯᠢᠭ ᠢ ᠠᠷᠪᠢᠯᠠᠬᠤ | ᠪᠠ ᠣᠷᠴᠢᠨ ᠲᠣᠭᠤᠷᠢᠨ ᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ | ᠴᠢᠭᠯᠡᠯᠲᠡ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ | ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ | ᠠᠷᠭ᠎ᠠ ᠬᠡᠯᠪᠡᠷᠢ ᠶᠢ ᠪᠦᠷᠢᠯᠳᠦᠭᠦᠯᠵᠦ᠂ ᠪᠣᠬᠢᠷᠲᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ | ᠲᠣᠭᠤᠷᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠬᠥᠮᠦᠨ ᠪᠤᠯᠤᠨ ᠪᠠᠶᠢᠭᠠᠯᠢ ᠶᠢᠨ ᠡᠶ᠎ᠡ ᠵᠣᠬᠢᠴᠠᠩᠭᠤᠢ | ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠮᠢ ᠠᠬᠤᠢ ᠣᠷᠴᠢᠨ ᠲᠣᠭᠤᠷᠢᠨ ᠤ ᠶᠠᠮᠤᠨ ᠤ ᠣᠷᠴᠢᠨ ᠲᠣᠭᠤᠷᠢᠨ ᠤ ᠲᠥᠯᠥᠪᠵᠢᠭᠦᠯᠭᠡ ᠶᠢᠨ | ᠬᠦᠷᠢᠶᠡᠯᠡᠩ ᠤᠨ ᠳᠠᠷᠤᠭ᠎ᠠ ᠸᠠᠩ ᠶᠢᠨ ᠨᠠᠨ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ | ᠰᠠᠨᠠᠭᠤᠯᠭ᠎ᠠ ᠳᠤᠷᠠᠳᠴᠠᠢ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ | ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠠᠬᠢ ᠨᠠᠮ ᠤᠨ | ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ | ᠲᠠᠯ᠎ᠠ ᠶᠢᠨ ᠠᠵᠢᠯ ᠤᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠪᠥᠬᠦ ᠲᠠᠯ᠎ᠠ ᠪᠠᠷ ᠴᠢᠩᠭᠠᠳᠬᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠵᠠᠰᠠᠵᠤ᠂ ᠠᠯᠢ ᠣᠯᠠᠨ ᠦᠨᠳᠦᠰᠦᠨ ᠴᠢᠨᠠᠷᠲᠠᠶ᠂ | ᠪᠦᠲᠦᠭᠡᠯᠴᠢ ᠴᠢᠨᠠᠷᠲᠠᠶ᠂ ᠠᠯᠤᠰ ᠬᠡᠲᠦ ᠶᠢᠨ ᠴᠢᠨᠠᠷᠲᠠᠶ ᠠᠵᠢᠯ ᠢ ᠥᠷᠨᠢᠭᠦᠯᠵᠦ᠂ ᠰᠢᠢᠳᠮᠡᠭ ᠵᠣᠷᠢᠭ ᠤᠨ ᠶᠡᠭᠡ᠂ | ᠡᠷᠴᠢᠮ ᠤᠨ ᠶᠡᠭᠡ᠂ ᠦᠷ᠎ᠡ ᠪᠦᠲᠦᠮᠵᠢ ᠶᠢᠨ ᠶᠡᠭᠡ ᠪᠠᠶᠢᠳᠠᠭ ᠢᠶᠠᠷ ᠢᠶᠠᠨ ᠤᠷᠢᠳ ᠡᠮᠦᠨ᠎ᠡ ᠪᠠᠶᠢᠭ᠎ᠠ ᠥᠬᠡᠶ ᠶᠤᠮ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠲᠠᠨᠢᠯᠲᠠ ᠠᠴᠠ ᠦᠢᠯᠡᠳᠦᠯᠭᠡ ᠬᠦᠷᠲᠡᠯ᠎ᠡ ᠪᠦᠷ | ᠲᠡᠦᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠬᠤᠪᠢᠷᠠᠯᠲᠠ ᠭᠠᠷᠤᠭᠰᠠᠨ ᠤ ᠬᠠᠮᠲᠤ᠂ | ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠮᠥᠨ ᠬᠦ ᠮᠠᠰᠢ ᠣᠯᠠᠨ ᠵᠥᠷᠢᠴᠡᠯ ᠪᠠ | ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠨ ᠰᠡᠷᠭᠦᠭᠡᠬᠦ ᠪᠠ | ᠰᠠᠶᠢᠵᠢᠷᠠᠭᠤᠯᠬᠤ ᠪᠣᠯ ᠨᠢᠭᠡᠨ ᠤᠷᠳᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ | ᠴᠢᠬᠤᠯᠠᠲᠠᠢ ᠶᠠᠪᠤᠴᠠ ᠮᠥᠨ᠂ ᠠᠪᠤᠨ ᠳᠣᠣᠷ᠎ᠠ ᠪᠠᠨ ᠪᠦᠲᠦᠬᠡᠭᠡᠳ ᠲᠡᠶᠢᠯᠴᠢᠬᠡᠳᠡᠭ ᠶᠠᠪᠤᠲᠠᠯ ᠪᠢᠰᠢ ᠶᠤᠮ᠂ ᠡᠷᠬᠡᠪᠰᠢ | ᠴᠥᠬᠦᠷᠡᠰᠢ ᠦᠭᠡᠢ ᠴᠢᠷᠮᠠᠶᠢᠵᠤ᠂ ᠲᠡᠷᠢᠬᠦᠨ ᠳᠤ ᠤᠷᠤᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠦ | ᠭᠠᠷᠭᠠᠪᠠ᠃ | ᠰᠢ ᠶᠢᠨ ᠫᠢᠩ᠂ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠳᠦᠬᠡᠨ ᠪᠠᠶᠢᠭᠤᠯᠬᠤ ᠳᠤ | ᠮᠠᠰᠢ ᠤᠯᠠᠨ ᠴᠢᠬᠤᠯᠠ ᠣᠨᠴᠠᠯᠢᠭ ᠲᠠᠢ ᠶᠤᠮ᠂ ᠡᠭᠦᠨ ᠤ ᠲᠤᠲᠤᠷᠠᠬᠢ ᠨᠢᠭᠡ ᠤᠨᠴᠠᠯᠢᠭ ᠨᠢ ᠲᠠᠷᠤᠢ ᠮᠠᠨ ᠤ | ᠤᠯᠤᠰ ᠤᠨ ᠣᠳᠣᠬᠢᠴᠢᠯᠠᠯᠲᠠ ᠪᠣᠯ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ | ᠣᠳᠣᠬᠢᠴᠢᠯᠠᠯᠲᠠ ᠮᠦᠨ᠂ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠵᠡᠷᠭᠡ ᠪᠠᠷ ᠠᠬᠢᠭᠤᠯᠬᠤ ᠶᠢ ᠴᠢᠬᠤᠯᠠᠴᠢᠯᠠᠲᠠᠭ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠬᠥᠭᠵᠢᠯᠲᠡ ᠶᠢ ᠴᠥᠬᠦᠷᠡᠰᠢ ᠦᠭᠡᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ | ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠲᠤᠯ ᠦᠭᠡᠢ ᠪᠤᠯᠭᠠᠵᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ | ᠬᠡᠷᠡᠭᠲᠡᠢ᠃ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠪᠡᠶᠡᠯᠡᠭᠦᠯᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠲᠤᠯ ᠦᠭᠡᠢ | ᠪᠤᠯᠭᠠᠵᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠡᠷᠦᠩᠬᠡᠢ ᠭᠠᠷᠳᠠᠴᠠ ᠪᠣᠯᠭᠠᠵᠤ᠂ ᠠᠵᠤ ᠦᠢᠯᠡᠰ ᠤᠨ | ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠰᠢᠷᠣᠢ ᠬᠡᠷᠡᠭᠯᠡᠬᠦ | ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠥᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠮᠢ | ᠠᠬᠤᠢ ᠶᠢᠨ ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ | ᠵᠡᠷᠭᠡ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠤᠨ ᠵᠠᠭᠠᠭ ᠬᠢᠵᠠᠭᠠᠷ ᠢ ᠨᠠᠶᠢᠳᠠᠪᠤᠷᠢᠵᠢᠭᠤᠯᠵᠤ᠂ ᠭᠤᠣᠯ | ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠶᠢᠨ ᠬᠠᠮᠲᠤ ᠴᠢᠩᠭ᠎ᠠ ᠰᠠᠬᠢᠬᠤ ᠬᠡᠷᠡᠭᠲᠡᠢ᠃ ᠡᠬᠢ | ᠪᠠᠶᠠᠯᠢᠭ ᠢ ᠠᠰᠢᠬᠯᠠᠬᠤ ᠡᠨᠡ ᠬᠦ ᠡᠬᠢ ᠡᠬᠦᠰᠦᠯ ᠢ ᠠᠳᠬᠤᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ | ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠪᠦᠬᠦ ᠲᠠᠯ᠎ᠠ ᠪᠠᠷ ᠠᠷᠪᠢᠯᠠᠬᠤ᠂ ᠡᠷᠬᠢᠯᠳᠦᠬᠦᠯᠦᠨ | ᠠᠰᠢᠬᠯᠠᠬᠤ ᠶᠢ ᠠᠬᠢᠭᠤᠯᠵᠤ᠂ ᠡᠬᠢ ᠪᠠᠶᠠᠯᠢᠭ ᠢ ᠠᠰᠢᠬᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠡᠨᠡ ᠬᠦ ᠵᠠᠩᠭᠢᠯᠠᠭ᠎ᠠ ᠶᠢ ᠠᠳᠬᠤᠵᠤ᠂ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠠᠵᠤ | ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠡᠨᠧᠷᠭᠢ ᠶᠢ | ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠠᠮᠤᠷ ᠲᠦᠪᠰᠢᠨ ᠥᠨᠳᠥᠷ ᠪᠦᠲᠦᠮᠵᠢᠲᠡᠢ ᠠᠰᠢᠬᠯᠠᠬᠤ ᠶᠢ | ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠡᠮᠵᠢᠶ᠎ᠠ ᠶᠢ ᠦᠷᠭᠦᠯᠵᠢᠯᠡᠨ ᠪᠠᠭᠤᠷᠠᠭᠤᠯᠬᠤ ᠬᠡᠷᠡᠭᠲᠡᠢ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠣᠨᠳᠣᠣᠰᠢᠭᠤᠯᠬᠤ ᠶᠢ ᠳᠡᠮᠵᠢᠵᠦ᠂ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠬᠡᠷᠡᠭᠲᠡᠢ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠤᠷᠬᠢᠯ ᠭᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠮᠠᠨ ᠤ ᠤᠯᠤᠰ ᠤᠨ ᠳᠡᠯᠡᠬᠡᠢ ᠳ᠋ᠠᠬᠢᠨ ᠳᠤ ᠠᠮᠠᠯᠳᠠᠭᠰᠠᠨ ᠲᠥᠪ ᠴᠢᠩᠭ᠎ᠠ | ᠠᠮᠠᠯᠠᠯᠲᠠ ᠮᠥᠨ᠂ ᠪᠠᠰᠠ ᠴᠤ ᠨᠢᠭᠡ ᠤᠳᠠᠭ᠎ᠠ ᠶᠢᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠠᠵᠤ ᠠᠬᠤᠢ | ᠨᠡᠶᠢᠭᠡᠮ ᠤᠨ ᠬᠤᠪᠢᠰᠤᠯᠲᠠ ᠮᠥᠨ᠂ ᠡᠭᠦᠨ ᠢ ᠬᠢᠯᠪᠠᠷᠬᠠᠨ ᠢᠶᠠᠷ ᠪᠡᠶᠡᠯᠡᠭᠦᠯᠦᠭᠡᠳ ᠳᠡᠶᠢᠯᠴᠢᠬᠡᠳᠡᠭ ᠪᠢᠰᠢ ᠶᠤᠮ᠃ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠡᠮᠦᠷ ᠪᠠᠷᠢᠪᠠᠯ ᠤᠷᠤᠮ ᠲᠠᠢ᠂ ᠴᠢᠯᠠᠭᠤᠨ | ᠳᠡᠭᠡᠷ᠎ᠡ ᠭᠢᠰᠬᠢᠪᠡᠯ ᠮᠥᠷ ᠲᠠᠢ ᠪᠠᠶᠢᠬᠤ ᠡᠷᠴᠢ ᠵᠣᠷᠢᠭ ᠢᠶᠠᠷ ᠴᠠᠭ ᠤᠨ ᠬᠦᠰᠦᠨᠦᠭᠲᠦ᠂ ᠱᠤᠭᠤᠮ ᠤᠨ ᠵᠢᠷᠤᠭ᠂ | ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠬᠯᠠᠬᠤ ᠪᠠ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠠᠭᠤᠷᠢᠨ ᠳᠡᠭᠡᠷ᠎ᠡ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠱᠠᠭᠠᠷᠳᠠᠯᠭ᠎ᠠ ᠳᠤ ᠨᠡᠶᠢᠴᠡᠬᠦ ᠦᠭᠡᠢ ᠡᠨᠧᠷᠭᠢ ᠶᠢᠨ | ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢᠯ ᠢ ᠡᠷᠡᠰ ᠢᠶᠠᠷ ᠠᠪᠴᠤ ᠬᠠᠶᠠᠬᠤ | ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ | ᠰᠠᠶᠢᠲᠤᠷ ᠬᠢᠵᠦ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ | ᠲᠥᠪᠯᠡᠷᠡᠭᠦᠯᠦᠨ ᠰᠢᠢᠳᠪᠦᠷᠢᠯᠡᠵᠦ᠂ ᠤᠯᠠᠨ ᠲᠦᠮᠡᠨ ᠳᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ | ᠰᠠᠶᠢᠵᠢᠷᠠᠭᠰᠠᠨ ᠢ ᠦᠨᠡᠨ ᠬᠦ ᠮᠡᠳᠡᠷᠡᠭᠦᠯᠬᠦ ᠬᠡᠷᠡᠭᠲᠡᠢ᠃ ᠪᠣᠬᠢᠷᠲᠤᠯ ᠢ ᠤᠨᠤᠴᠠᠳᠠᠢ ᠵᠠᠰᠠᠬᠤ᠂ ᠪᠣᠬᠢᠷᠲᠤᠯ ᠢ ᠰᠢᠨᠵᠢᠯᠡᠬᠦ | ᠤᠬᠠᠭᠠᠨᠴᠢ ᠪᠠᠷ ᠵᠠᠰᠠᠬᠤ᠂ ᠪᠣᠬᠢᠷᠲᠤᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠬᠦᠴᠦᠯᠡᠴᠡ ᠪᠠᠨ | ᠪᠠᠲᠤᠯᠠᠵᠤ᠂ ᠭᠦᠨᠴᠡ ᠪᠠᠨ ᠬᠦᠨᠵᠡᠬᠡᠶᠢᠷᠡᠬᠦᠯᠵᠤ᠂ ᠥᠷᠭᠡᠴᠡ ᠪᠠᠨ ᠥᠷᠭᠡᠳᠬᠡᠵᠦ᠂ ᠬᠦᠬᠡ ᠣᠭᠲᠠᠷᠭᠤᠢ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ | ᠤᠯᠠᠨ ᠵᠦᠢᠯ ᠤᠨ ᠪᠣᠬᠢᠷᠲᠤᠯ ᠪᠣᠳᠠᠰ ᠢ ᠬᠠᠮᠵᠢᠯᠴᠠᠨ ᠡᠵᠡᠮᠳᠡᠬᠦ ᠪᠠ ᠣᠷᠣᠨ ᠪᠦᠰᠡ ᠶᠢ ᠬᠠᠮᠵᠢᠯᠴᠠᠭᠤᠯᠤᠨ | ᠵᠠᠰᠠᠬᠤ ᠶᠢ ᠴᠢᠩᠭᠠᠳᠬᠠᠵᠤ᠂ ᠲᠤᠭᠤᠰᠤᠨᠴᠢᠷ ᠪᠣᠳᠠᠰ ᠪᠠ ᠣᠽᠣᠨ ᠢ ᠬᠠᠮᠵᠢᠯᠴᠠᠨ ᠡᠵᠡᠮᠳᠡᠬᠦ ᠶᠢ ᠴᠢᠩᠭᠠᠳᠬᠠᠵᠤ᠂ | ᠬᠦᠨᠳᠦ ᠪᠣᠬᠢᠷᠲᠤᠯ ᠲᠠᠢ ᠴᠠᠭ ᠠᠭᠤᠷ ᠢ ᠦᠨᠳᠦᠰᠦᠨ ᠳᠡᠭᠡᠨ ᠠᠷᠢᠯᠭᠠᠬᠤ ᠬᠡᠷᠡᠭᠲᠡᠢ᠃ ᠤᠰᠤᠨ ᠤ ᠡᠬᠢ ᠪᠠᠶᠠᠯᠢᠭ᠂ | ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠵᠤ᠂ ᠬᠤᠳᠠ ᠶᠢᠨ | ᠪᠣᠬᠢᠷ ᠦᠮᠡᠬᠡᠢ ᠤᠰᠤᠨ ᠴᠣᠭᠴᠠ ᠶᠢ ᠡᠷᠡᠰ ᠵᠠᠰᠠᠬᠤ ᠬᠡᠷᠡᠭᠲᠡᠢ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠬᠦ | ᠬᠡᠷᠡᠭᠲᠡᠢ᠃ ᠬᠤᠭ ᠨᠣᠪᠰᠢ ᠶᠢ ᠠᠩᠬᠢᠯᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ | ᠬᠡᠷᠡᠭᠵᠢᠭᠦᠯᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠶᠢ ᠴᠢᠬᠤᠯᠠᠴᠢᠯᠠᠬᠤ ᠬᠡᠷᠡᠭᠲᠡᠢ᠃ ᠪᠣᠬᠢᠷᠲᠤᠯ ᠢ ᠵᠠᠰᠠᠬᠤ | ᠠᠵᠢᠯ ᠢ ᠰᠢᠶᠠᠩ ᠪᠠᠯᠭᠠᠰᠤ᠂ ᠬᠥᠳᠡᠭᠡ ᠲᠣᠰᠬᠤᠨ ᠲᠡᠶᠢᠰᠢ ᠥᠷᠭᠡᠵᠢᠭᠦᠯᠬᠦ ᠶᠢ ᠠᠬᠢᠭᠤᠯᠵᠤ᠂ ᠲᠠᠷᠢᠶᠠᠯᠠᠩ ᠤᠨ | ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠂ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠵᠦ᠂ ᠰᠢᠰᠲ᠋ᠧᠮᠳᠦ ᠦᠵᠡᠯᠳᠠ ᠶᠢ ᠪᠠᠷᠢᠮᠲᠠᠯᠠᠨ᠂ ᠠᠮᠢ ᠠᠬᠤᠶ ᠶᠢᠨ ᠰᠢᠰᠲ᠋ᠧᠮ ᠤᠨ ᠪᠦᠬᠦᠯᠢ ᠴᠣᠭᠴᠠᠲᠤ | ᠴᠢᠨᠠᠷ ᠠᠴᠠ ᠡᠭᠦᠰᠴᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠠᠬᠢᠭᠤᠯᠵᠤ᠂ ᠶᠡᠷᠦᠩᠬᠡᠶᠢᠯᠡᠨ ᠵᠠᠰᠠᠬᠤ᠂ | ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠠᠩ ᠴᠢᠬᠤᠯᠠᠴᠢᠯᠠᠬᠤ ᠬᠡᠷᠡᠭᠲᠡᠶ᠃ ᠤᠯᠤᠰ ᠤᠨ | ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠶᠢᠨ | ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠨ ᠰᠡᠷᠭᠦᠭᠡᠬᠦ ᠳᠤ ᠵᠣᠬᠢᠰᠲᠠᠢ ᠬᠠᠷᠢᠭᠤ ᠠᠰᠢᠭ ᠬᠦᠷᠲᠡᠭᠡᠵᠦ᠂ ᠠᠮᠢ ᠠᠬᠤᠢ ᠣᠷᠴᠢᠨ | ᠲᠣᠭᠤᠷᠢᠨ ᠢ ᠡᠪᠳᠡᠬᠦ ᠳᠤ ᠬᠠᠷᠠᠭᠠᠯᠵᠠᠬᠰᠠᠨ ᠦᠷᠡᠭᠳᠡᠯ ᠭᠠᠷᠭᠠᠯᠭᠠᠬᠤ ᠬᠡᠷᠡᠭᠲᠡᠢ᠃ ᠴᠥᠯᠡᠷᠬᠡᠭᠵᠢᠯ᠂ ᠬᠠᠶᠢᠷᠬᠠᠭ | ᠴᠦᠯᠵᠢᠯ᠂ ᠤᠰᠤ ᠬᠦᠷᠦᠰᠦᠨ ᠤ ᠤᠷᠤᠰᠤᠬᠳᠠᠯ ᠢ ᠶᠡᠷᠦᠩᠬᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ | ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠢ ᠶᠡᠭᠡ ᠬᠡᠪᠴᠢᠶ᠎ᠠ ᠪᠠᠷ ᠨᠣᠭᠤᠭᠠᠷᠠᠭᠤᠯᠬᠤ ᠠᠵᠢᠯᠯᠠᠭ᠎ᠠ ᠶᠢ | ᠥᠷᠨᠢᠭᠦᠯᠬᠦ ᠬᠡᠷᠡᠭᠲᠡᠢ᠃ ᠨᠤᠳᠤᠭ ᠪᠡᠯᠴᠢᠭᠡᠷ ᠤᠢ ᠰᠢᠭᠤᠢ ᠭᠤᠣᠯ ᠮᠥᠷᠡᠨ ᠨᠠᠭᠤᠷ ᠪᠦᠷᠢᠳᠦ ᠶᠢ ᠰᠡᠷᠭᠦᠭᠡᠨ | ᠰᠠᠶᠢᠵᠢᠷᠠᠭᠤᠯᠬᠤ ᠶᠢ ᠬᠡᠷᠡᠭᠵᠢᠭᠦᠯᠵᠦ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ | ᠰᠠᠶᠢᠲᠤᠷ ᠬᠡᠷᠡᠭᠵᠢᠭᠦᠯᠵᠦ᠂ ᠲᠠᠷᠢᠶᠠᠨ ᠭᠠᠵᠠᠷ ᠢ ᠰᠡᠯᠭᠦᠨ ᠲᠠᠷᠢᠬᠤ ᠡᠭᠡᠯᠵᠢᠯᠡᠨ ᠲᠠᠷᠢᠬᠤ ᠲᠦᠷᠢᠮ ᠢ ᠪᠦᠷᠢᠨᠰᠢᠬᠦᠯᠬᠦ | ᠬᠡᠷᠡᠭᠲᠡᠢ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠵᠦ᠂ ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠷᠭᠤᠮᠠᠯ ᠤᠨ ᠬᠠᠮᠢᠶᠠᠷᠤᠯᠲᠠ ᠡᠵᠡᠮᠳᠡᠯ ᠢ | ᠴᠢᠩᠭᠠᠳᠬᠠᠵᠤ᠂ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ | ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠰᠠᠶᠢᠲᠤᠷ ᠡᠷᠬᠢᠯᠡᠬᠦ ᠬᠡᠷᠡᠭᠲᠡᠢ ᠬᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠪᠦᠬᠦ ᠪᠥᠮᠪᠥᠷᠴᠡᠭ ᠤᠨ ᠦᠷᠭᠦᠯᠵᠢᠯᠡᠬᠦ ᠬᠥᠭᠵᠢᠯᠲᠡ ᠶᠢ ᠢᠳᠡᠪᠬᠢᠲᠡᠢ ᠠᠬᠢᠭᠤᠯᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ | ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠬᠦ ᠪᠥᠮᠪᠥᠷᠴᠡᠭ ᠲᠤ ᠨᠡᠩ | ᠤᠯᠠᠨ ᠠᠷᠪᠢᠨ ᠨᠡᠶᠢᠲᠡ ᠶᠢᠨ ᠦᠢᠯᠡᠳᠬᠦᠨ ᠢ ᠬᠠᠩᠭᠠᠵᠤ᠂ ᠮᠠᠨ ᠤ ᠤᠯᠤᠰ ᠤᠨ ᠬᠠᠷᠢᠭᠤᠴᠠᠯᠭ᠎ᠠ ᠲᠠᠢ ᠲᠤᠮᠤ | ᠤᠯᠤᠰ ᠤᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ | ᠵᠢᠴᠢ ᠡᠷᠬᠢᠨ ᠲᠣᠭᠤᠷᠢᠨ ᠤ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ | ᠤᠯᠤᠰ ᠤᠳ ᠲᠤ ᠴᠢᠳᠠᠯ ᠤᠨ ᠢᠶᠠᠨ ᠬᠢᠷᠢ ᠪᠠᠷ ᠪᠡᠯᠡ ᠮᠥᠩᠭᠦ᠂ ᠮᠡᠷᠭᠡᠵᠢᠯ ᠤᠨ ᠳᠡᠮᠵᠢᠯᠭᠡ ᠬᠠᠩᠭᠠᠵᠤ᠂ ᠣᠷᠴᠢᠨ | ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠨᠢ ᠬᠠᠪᠰᠤᠷᠤᠨ ᠳᠡᠭᠡᠭᠰᠢᠯᠡᠭᠦᠯᠵᠦ᠂ ᠪᠣᠬᠢᠷᠲᠤᠯ ᠦᠭᠡᠢ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠭᠡᠷᠡᠭᠲᠡᠢ᠃ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ | ᠬᠠᠷᠢᠭᠤᠴᠠᠯᠭ᠎ᠠ ᠶᠢᠨ ᠵᠠᠷᠴᠢᠮ᠂ ᠲᠥᠪ ᠭᠤᠣᠯᠴᠢ ᠪᠠᠶᠢᠬᠤ ᠵᠠᠷᠴᠢᠮ ᠪᠠ ᠥᠪᠡᠷ ᠥᠪᠡᠷ ᠤᠨ ᠴᠢᠳᠠᠪᠤᠷᠢ ᠶᠢᠨ | ᠵᠠᠷᠴᠢᠮ ᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠮᠠᠨ ᠤ ᠤᠯᠤᠰ ᠤᠨ ᠬᠥᠭᠵᠢᠯᠲᠡ ᠶᠢᠨ | ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠬᠤᠷᠢᠶ᠎ᠡ ᠤᠳᠤᠷᠢᠳᠤᠭᠰᠠᠨ᠂ | ᠵᠠᠰᠠᠭ ᠤᠨ ᠣᠷᠳᠣᠨ ᠭᠤᠣᠯᠯᠠᠨ ᠵᠢᠯᠤᠭᠤᠳᠤᠬᠰᠠᠨ᠂ ᠠᠵᠤ ᠠᠬᠤᠶᠢᠯᠠᠯ ᠭᠤᠣᠯ ᠴᠣᠭᠴᠠ ᠪᠣᠯᠤᠭᠰᠠᠨ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠣᠯᠤᠨ ᠤᠯᠠᠨ ᠲᠦᠮᠡᠨ ᠬᠠᠮᠲᠤ ᠪᠠᠷ ᠣᠷᠣᠯᠴᠠᠭᠰᠠᠨ ᠣᠷᠴᠢᠨ ᠲᠣᠭᠤᠷᠢᠨ ᠤ | ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠨᠢᠭᠡ ᠴᠤᠬᠴᠠᠵᠢᠭᠤᠯᠤᠨ ᠲᠥᠯᠥᠪᠵᠢᠭᠦᠯᠬᠦ᠂ ᠨᠢᠭᠡ | ᠴᠤᠬᠴᠠᠵᠢᠭᠤᠯᠤᠨ ᠪᠠᠶᠢᠷᠢᠯᠠᠭᠤᠯᠬᠤ᠂ ᠨᠢᠭᠡ ᠴᠤᠬᠴᠠᠵᠢᠭᠤᠯᠤᠨ ᠠᠬᠢᠭᠤᠯᠬᠤ᠂ ᠨᠢᠭᠡ ᠴᠤᠬᠴᠠᠵᠢᠭᠤᠯᠤᠨ ᠬᠢᠨᠠᠨ | ᠰᠢᠯᠭᠠᠬᠤ ᠲᠦᠷᠢᠮ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠬᠠᠤᠯᠢ ᠴᠠᠭᠠᠵᠠ ᠪᠣᠯᠤᠨ | ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠣᠷᠴᠢᠨ ᠲᠤᠭᠤᠷᠢᠨ ᠤ ᠬᠠᠮᠠᠭᠠᠯᠠᠯᠲᠠ᠂ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠢᠵᠠᠭᠠᠷᠯᠠᠬᠤ ᠴᠢᠨᠠᠷᠲᠠᠢ | ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠲᠣᠬᠳᠠᠭᠤᠨ ᠡᠳ᠋ ᠤᠨ ᠵᠠᠰᠠᠭ ᠤᠨ ᠪᠡᠯᠡ | ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠪᠣᠬᠢᠷᠲᠤᠯ | ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ | ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ | ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ | ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ | ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠴᠢᠩᠭᠠᠳᠬᠠᠵᠤ᠂ ᠠᠷᠪᠢᠲᠠᠢ | ᠲᠣᠬᠢᠷᠠᠮᠵᠢᠲᠠᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ | ᠬᠡᠯᠪᠡᠷᠢ ᠶᠢ ᠰᠠᠨᠠᠭᠠᠴᠢᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠶᠢ ᠪᠦᠬᠦ | ᠠᠷᠠᠳ ᠤᠨ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠡ | ᠪᠣᠯᠤᠨ ᠵᠠᠰᠠᠭ ᠤᠨ ᠣᠷᠳᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠵᠠᠷᠯᠢᠭ ᠴᠠᠭᠠᠵᠠ ᠶᠢ ᠲᠠᠭᠠᠬᠤ ᠶᠢ ᠡᠷᠡᠰ ᠪᠡᠶᠡᠯᠡᠭᠦᠯᠵᠦ᠂ ᠨᠠᠮ ᠤᠨ ᠲᠥᠪ | ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠡᠯ᠎ᠡ ᠵᠦᠢᠯ ᠤᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ | ᠬᠡᠷᠡᠭᠲᠡᠢ ᠬᠡᠵᠤ ᠵᠢᠭᠠᠵᠤ ᠭᠠᠷᠭᠠᠪᠠ᠃ | |