ᠠᠭᠤᠤ ᠨᠠᠮ ᠢᠶᠠᠨ ᠮᠠᠭᠳᠠᠨ ᠠᠶᠠᠯᠭᠤ ᠲᠠᠭᠤᠤ ᠪᠠᠨ ᠡᠷᠭᠦᠶ᠎ᠡ
ᠨᠡᠶᠢᠲᠡᠯᠡᠭᠰᠡᠨ ᠴᠠᠭ᠄
2021/5/8
     ᠲᠠᠷᠬᠠᠨ ᠰᠤᠮᠤᠨ ᠤ   ᠴᠠᠭᠠᠨᠤᠪᠤᠭ᠎ᠠ ᠭᠠᠴᠠᠭᠠᠨ ᠤ ᠮᠠᠯᠴᠢᠳ ᠤᠨ ᠤᠷᠠᠨ ᠰᠠᠶᠢᠬᠠᠨ ᠤ ᠪᠦᠯᠬᠦᠮ ᠤᠨ ᠠᠩᠬᠠᠳᠠᠭᠴᠢ ᠤᠳᠠᠭᠠᠨ ᠤ ᠲᠤᠭᠯᠠᠯᠳᠠ2021 ᠤᠨ ᠤ5 ᠰᠠᠷ᠎ᠠ ᠶᠢᠨ4 ᠤ ᠡᠳᠤᠷ᠂ ᠲᠠᠷᠬᠠᠨ ᠰᠤᠮᠤᠨ ᠤ ᠰᠤᠮᠤᠨ ᠲᠦᠪ ᠲᠤ ᠨᠢᠵᠢᠭᠡᠷ ᠰᠠᠶᠢᠬᠠᠨ ᠪᠤᠯᠵᠦ ᠦᠩᠭᠡᠷᠡᠯ᠎ᠡ᠃
     ᠡᠨᠡᠬᠦ ᠮᠠᠯᠴᠢᠳ ᠤᠨ ᠤᠷᠠᠨ ᠰᠠᠶᠢᠬᠠᠨ ᠤ ᠪᠦᠯᠬᠦᠮ ᠨᠢ ᠲᠠᠭᠤᠤ ᠤᠷᠠᠯᠢᠭ ᠲᠤ ᠪᠠᠭ᠋ᠠᠲᠠᠢ ᠴᠠᠭᠠᠨᠤᠪᠤᠭ᠎ᠠ ᠭᠠᠴᠠᠭᠠᠨ ᠤ ᠬᠤᠷᠢ ᠭᠠᠷᠤᠢ ᠠᠬᠠᠮᠠᠳ ᠮᠠᠯᠴᠢᠳ ᠢᠶᠠᠷ ᠪᠦᠷᠢᠯᠳᠦᠵᠦ᠂ ᠮᠠᠯᠴᠢᠨ ᠤᠷᠠᠯᠢᠭᠴᠢᠳ ᠦᠪᠡᠷ ᠦᠪᠡᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠤᠨ᠂ ᠮᠤᠷᠢᠨ ᠬᠤᠭᠤᠷ᠂ ᠲᠦᠷᠪᠡᠨ ᠤᠳᠠᠰᠤᠳᠦ ᠬᠤᠭᠤᠷ᠂ ᠭᠤᠴᠦᠯᠠᠯ ᠲᠠᠭᠤᠤ᠂ ᠬᠠᠮᠳᠦ ᠶᠢᠨ ᠲᠠᠭᠤᠤ ᠵᠡᠷᠭᠡ ᠭᠤᠴᠤ ᠰᠠᠶᠢᠬᠠᠨ ᠲᠤᠭᠯᠠᠯᠠᠳᠠ ᠪᠠᠷ ᠢᠶᠠᠨ ᠨᠠᠮ ᠪᠠᠶᠢᠭᠤᠯᠤᠭᠳᠠᠭᠰᠠᠨ100 ᠵᠢᠯ ᠤᠨ ᠤᠢ ᠪᠠᠨ ᠪᠠᠶᠠᠷᠯᠠᠨ ᠪᠡᠯᠭᠡᠯᠡᠬᠦ ᠶᠢᠨ ᠬᠠᠮᠳᠦ ᠠᠵᠠ ᠵᠢᠷᠭᠠᠯᠳᠦ ᠠᠮᠢᠳᠦᠷᠠᠯ ᠢᠶᠠᠨ ᠮᠠᠭᠳᠠᠨ ᠲᠠᠭᠤᠯᠠᠵᠦ᠂ ᠵᠡᠷᠭᠡᠯᠡᠳᠡᠭᠡ ᠰᠤᠮᠤ ᠭᠠᠴᠠᠭᠠᠨ ᠤ ᠮᠠᠯᠴᠢᠨ ᠲᠦᠮᠡᠨ ᠴᠦ ᠬᠦᠷᠦᠯᠴᠡᠨ ᠢᠷᠡᠵᠦ ᠲᠤᠭᠯᠠᠯᠳᠠ ᠶᠢ ᠰᠤᠨᠢᠷᠬᠠᠭᠰᠠᠨ ᠪᠠᠶᠢᠨ᠎ᠠ᠃
     ᠮᠠᠯᠴᠢᠨ ᠤᠷᠠᠯᠢᠭᠴᠢᠳ ᠰᠡᠳᠭᠢᠯ ᠵᠢᠷᠦᠬᠡᠨ ᠤ ᠤᠶᠠᠩᠭ᠎ᠠ ᠲᠠᠭᠤᠤ ᠪᠠᠨ ᠲᠠᠭᠤᠯᠠᠨ᠂ ᠲᠠᠶᠢᠪᠤᠩ ᠠᠮᠤᠭᠤᠯᠠᠩ ᠬᠦᠳᠡᠭᠡ ᠨᠤᠳᠤᠭ ᠲᠤ ᠪᠠᠨ ᠲᠠᠭᠤᠤ ᠬᠤᠭᠤᠷ ᠤᠨ ᠡᠬᠡᠰᠢᠭ ᠬᠠᠩᠭᠢᠨᠠᠭᠤᠯᠵᠦ᠂ ᠡᠨᠡᠬᠦ ᠲᠤᠭᠯᠠᠯᠳᠠ ᠨᠢ ᠦᠵᠡᠭᠴᠢ ᠤᠯᠠᠨ ᠤ ᠰᠡᠳᠭᠢᠯ ᠢ ᠪᠠᠶᠠᠰᠬᠠᠭᠰᠠᠨ ᠰᠠᠶᠢᠬᠠᠨ ᠲᠤᠭᠯᠠᠯᠳᠠ ᠪᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号