ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 6 ᠤ ᠴᠠᠬᠢᠯᠭᠠᠨ ᠮᠡᠳᠡᠭᠡ 5 ᠰᠠᠷ᠎ᠠ ᠶᠢᠨ 6 ᠤ ᠡᠳᠦᠷ᠂ | ᠤᠯᠤᠰ ᠤᠨ ᠲᠡᠷᠢᠬᠦᠯᠡᠭᠴᠢ ᠰᠢ ᠶᠢᠨ ᠫᠢᠩ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ | ᠭᠡᠷᠡᠭᠯᠡᠭᠡᠨ ᠤ ᠪᠦᠳᠦᠭᠡᠭᠳᠡᠬᠦᠨ ᠤ ᠦᠵᠡᠰᠬᠦᠯᠡᠩ ᠤᠨ ᠴᠤᠬᠯᠠᠭᠠᠨ ᠳᠤ ᠪᠡᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠤᠯᠤᠰ ᠤᠨ ᠤᠯᠠᠨ ᠤᠯᠤᠰ ᠤᠨ ᠭᠡᠷᠡᠭᠯᠡᠭᠡᠨ ᠤ ᠪᠦᠳᠦᠭᠡᠭᠳᠡᠬᠦᠨ ᠤ ᠦᠵᠡᠰᠬᠦᠯᠡᠩ ᠤᠨ | ᠴᠤᠬᠯᠠᠭᠠᠨ ᠢ ᠡᠷᠬᠢᠯᠡᠵᠦ᠂ ᠲᠠᠯᠠᠬᠡᠢ ᠳ᠋ᠠᠬᠢᠨ ᠳᠤ ᠭᠡᠷᠡᠭᠯᠡᠭᠡᠨ ᠤ ᠰᠤᠳᠤᠨ ᠪᠦᠳᠦᠭᠡᠭᠳᠡᠬᠦᠨ ᠤ ᠦᠵᠡᠬᠦᠯᠭᠡ ᠶᠢᠨ ᠲᠠᠪᠴᠠᠩ | ᠬᠠᠩᠭᠠᠵᠦ ᠪᠠᠶᠢᠭ᠎ᠠ ᠨᠢ ᠳᠡᠯᠡᠭᠡᠢ ᠶᠢᠨ ᠡᠯ᠎ᠠ ᠤᠯᠤᠰ ᠤᠨ ᠬᠢᠨ ᠤ ᠳᠤᠮᠳᠠᠳᠤ ᠤᠯᠤᠰ ᠤᠨ ᠵᠠᠬ᠎ᠠ ᠳᠡᠯᠭᠡᠬᠦᠷ ᠤᠨ ᠠᠵᠠ | ᠲᠤᠬᠢᠶᠠᠯ ᠢ ᠬᠠᠮᠳᠤ ᠪᠠᠷ ᠬᠤᠪᠢᠶᠠᠯᠴᠠᠬᠤ ᠳᠤ ᠠᠰᠢᠬᠳᠠᠢ᠂ ᠳᠡᠯᠡᠭᠡᠢ ᠶᠢᠨ ᠠᠵᠤ ᠠᠬᠤᠢ ᠶᠢᠨ ᠰᠡᠷᠬᠦᠯᠳᠠ ᠪᠠ ᠨᠡᠮᠡᠭᠳᠡᠯ ᠳᠤ | ᠠᠰᠢᠬᠳᠠᠢ ᠪᠦᠭᠡᠳ ᠪᠠᠰᠠ ᠳᠤᠮᠳᠠᠳᠤ ᠤᠯᠤᠰ ᠤᠨ ᠳᠡᠯᠡᠭᠡᠢ ᠳ᠋ᠠᠬᠢᠨ ᠳᠤ ᠨᠡᠩ ᠤᠯᠠᠨ ᠰᠢᠯᠢᠳᠡᠭ ᠭᠡᠷᠡᠭᠯᠡᠭᠡᠨ ᠤ | ᠪᠦᠳᠦᠭᠡᠭᠳᠡᠬᠦᠨ ᠬᠠᠩᠭᠠᠬᠤ ᠳᠤ ᠴᠦ ᠠᠰᠢᠬᠳᠠᠢ ᠶᠤᠮ᠃ ᠡᠯ᠎ᠠ ᠤᠯᠤᠰ ᠤᠨ ᠡᠷᠬᠢᠮ ᠵᠤᠴᠢᠳ ᠪᠤᠯᠤᠨ ᠡᠯ᠎ᠠ ᠡᠳᠡᠭᠡᠳ ᠤᠨ | ᠬᠦᠮᠦᠰ ᠬᠦᠨᠵᠡᠭᠡᠢ ᠰᠤᠯᠢᠯᠴᠠᠭ᠎ᠠ ᠬᠢᠵᠤ᠂ ᠬᠠᠮᠳᠤᠷᠠᠯᠴᠠᠭ᠎ᠠ ᠶᠢ ᠬᠠᠮᠳᠤ ᠪᠠᠷ ᠵᠦᠪᠳᠡᠯᠴᠡᠨ᠂ ᠡᠯ᠎ᠠ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠦᠢᠯᠡᠳᠴᠦ ᠦᠭᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠳᠠᠶ᠎ᠠ ᠬᠠᠶᠢᠨᠠᠨ ᠤ ᠴᠢᠯᠦᠭᠡᠳᠦ ᠠᠷᠠᠯᠵᠢᠶᠠᠨ ᠤ ᠭᠠᠷᠠᠮ ᠤᠨ | ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠪᠤᠯᠤᠨ ᠬᠠᠮᠤᠭ ᠤᠨ ᠦᠨᠳᠦᠷ ᠲᠦᠪᠰᠢᠨ ᠲᠠᠢ ᠨᠡᠭᠡᠭᠡᠯᠳᠠ ᠬᠢᠬᠦ | ᠳᠤᠷᠰᠢᠯᠳᠠ ᠶᠢᠨ ᠲᠦᠷᠦ ᠶᠢᠨ ᠪᠤᠳᠤᠯᠭ᠎ᠠ ᠶᠢᠨ ᠲᠠᠪᠠᠭᠤᠯᠢᠭ ᠢ ᠪᠠᠳᠠᠷᠠᠭᠤᠯᠵᠦ᠂ ᠬᠤᠶᠠᠷ ᠲᠠᠯ᠎ᠠ ᠶᠢᠨ᠂ ᠤᠯᠠᠨ ᠲᠠᠯ᠎ᠠ ᠶᠢᠨ | ᠪᠠ ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠦᠨ᠂ ᠡᠯ᠎ᠠ ᠲᠠᠯ᠎ᠠ ᠶᠢᠨ ᠬᠢᠨ ᠲᠠᠢ ᠬᠠᠮᠳᠤ ᠪᠠᠷ ᠬᠦᠮᠦᠨ | ᠲᠦᠷᠦᠯᠬᠢᠳᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠤᠨ ᠴᠤᠬᠴᠠᠯᠠᠨ᠎ᠠ ᠭᠡᠵᠦ ᠴᠢᠬᠤᠯᠠᠴᠢᠯᠠᠪᠠ᠃ | ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠡᠷᠡᠭᠯᠡᠭᠡᠨ ᠤ ᠪᠦᠳᠦᠭᠡᠭᠳᠡᠬᠦᠨ ᠤ | ᠦᠵᠡᠰᠬᠦᠯᠡᠩ ᠤᠨ ᠴᠤᠬᠯᠠᠭᠠᠨ ᠲᠤᠰ ᠡᠳᠦᠷ ᠬᠠᠶᠢᠨᠠᠨ ᠮᠤᠵᠢ ᠶᠢᠨ ᠬᠠᠶᠢᠺᠸᠦ ᠬᠤᠳᠠ ᠳᠤ ᠡᠬᠢᠯᠡᠪᠡ᠂ ᠬᠤᠳᠠᠯᠳᠤᠭᠠᠨ ᠤ | ᠶᠠᠪᠤᠳᠠᠯ ᠤᠨ ᠶᠠᠮᠤᠨ ᠪᠤᠯᠤᠨ ᠬᠠᠶᠢᠨᠠᠨ ᠮᠤᠵᠢ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠮᠳᠤ ᠪᠠᠷ ᠡᠷᠬᠢᠯᠡᠵᠦ᠂ | ᠦᠵᠡᠬᠦᠯᠭᠡ ᠶᠢᠨ ᠶᠡᠷᠦᠩᠭᠡᠢ ᠲᠠᠯᠠᠪᠠᠢ ᠨᠢ 8 ᠲᠦᠮᠡᠨ ᠲᠡᠭᠰᠢ ᠲᠦᠷᠪᠡᠯᠵᠢᠨ ᠮᠧᠳ᠋ᠷ ᠲᠤ ᠬᠦᠷᠴᠦ᠂ 70 ᠰᠢᠬᠠᠮ ᠤᠯᠤᠰ | ᠪᠠ ᠭᠠᠵᠠᠷ ᠤᠷᠤᠨ ᠠᠴᠠ ᠢᠷᠡᠭᠰᠡᠨ ᠤᠯᠤᠰ ᠤᠨ ᠳᠤᠳᠤᠭᠠᠳᠦ ᠭᠠᠳᠠᠭᠠᠳᠦ ᠶᠢᠨ 1500 ᠰᠢᠬᠠᠮ ᠠᠵᠤ | ᠠᠬᠤᠢᠢᠯᠠᠯ ᠤᠨ ᠬᠢᠨ ᠦᠵᠡᠬᠦᠯᠭᠡ ᠳᠤ ᠤᠷᠤᠯᠴᠠᠵᠠᠢ᠃ | | |