ᠪᠦᠬᠦ ᠤᠷᠤᠨ ᠤ ᠵᠢᠷᠭᠤᠳᠤᠭᠠᠷ ᠤᠳᠠᠭᠠᠨ ᠤ ︽ᠱᠠᠩᠳᠦ ᠶᠢᠨ ᠡᠭᠡᠰᠢᠭᠯᠡᠭ︾  ᠪᠠᠭᠠᠴᠤᠳ ᠬᠡᠥᠬᠡᠳ ᠤᠨ ᠤᠷᠠᠨ ᠤᠩᠰᠢᠯᠭ᠎ᠠ ᠶᠢᠨ ᠤᠷᠤᠯᠳᠤᠭᠠᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠨᠢᠵᠢᠭᠡᠷ  ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2021/6/15
     ᠪᠦᠬᠦ ᠤᠷᠤᠨ ᠤ ᠵᠢᠷᠭᠤᠳᠤᠭᠠᠷ ᠤᠳᠠᠭᠠᠨ ᠤ ︽ᠱᠠᠩᠳᠦ ᠶᠢᠨ ᠡᠭᠡᠰᠢᠭᠯᠡᠭ︾  ᠪᠠᠭᠠᠴᠤᠳ ᠬᠡᠥᠬᠡᠳ ᠤᠨ ᠤᠷᠠᠨ ᠤᠩᠰᠢᠯᠭ᠎ᠠ ᠶᠢᠨ  ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠤ ᠬᠤᠪᠢᠶᠠᠷᠢ ᠤᠷᠤᠯᠳᠤᠭᠠᠨ2021 ᠤᠨ  ᠤ6 ᠰᠠᠷ᠎ᠠ ᠶᠢᠨ5 ᠤ ᠡᠳᠦᠷ ᠬᠤᠰᠢᠭᠤᠨ ᠲᠦᠪ ᠪᠠᠳᠤᠬᠠᠭᠠᠯᠭ᠎ᠠ ᠪᠠᠯᠭᠠᠰᠤᠨ ᠳᠤ ᠶᠠᠪᠤᠭᠳᠠᠯ᠎ᠠ᠃ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ︽ᠲᠤᠷᠭᠠᠨ  ᠪᠠᠷᠢᠨᠳᠠᠭ︾ ᠪᠠᠭᠠᠴᠤᠳ ᠬᠡᠥᠬᠡᠳ ᠤᠨ ᠤᠩᠰᠢᠯᠭ᠎ᠠ  ᠶᠢᠨ ᠦᠷᠦᠭᠡᠨ ᠠᠴᠠ ᠡᠷᠬᠢᠯᠡᠨ ᠶᠠᠪᠤᠭᠳᠠᠭᠤᠯᠵᠦ ᠪᠠᠶᠢᠭ᠎ᠠ ᠪᠦᠬᠦ ᠤᠷᠤᠨ ᠤ ︽ᠱᠠᠩᠳᠦ ᠶᠢᠨ ᠡᠭᠡᠰᠢᠭᠯᠡᠭ︾ ᠮᠤᠩᠭᠤᠯ ᠪᠠᠭ᠎ᠠ ᠰᠤᠷᠭᠠᠭᠤᠯᠢ ᠶᠢᠨ ᠰᠤᠷᠤᠭᠴᠢ ᠵᠢᠴᠢ ᠴᠡᠴᠡᠷᠯᠢᠭ ᠤᠨ ᠬᠡᠥᠬᠡᠳ ᠤᠨ ᠮᠤᠩᠭᠤᠯ ᠬᠡᠯᠡᠨ ᠤ ᠤᠷᠠᠨ ᠤᠩᠰᠢᠯᠭ᠎ᠠ ᠶᠢᠨ ᠤᠷᠤᠯᠳᠤᠭᠠᠨ ᠨᠢ ᠦᠨᠦ ᠵᠢᠯ ᠵᠢᠷᠭᠤᠳᠤᠭᠠᠷ ᠤᠳᠠᠭᠠᠨ ᠤ ᠤᠷᠤᠯᠳᠤᠭᠠᠨ ᠪᠤᠯᠵᠦ᠂ ᠪᠠᠭ᠎ᠠ ᠰᠤᠷᠭᠠᠭᠤᠯᠢ ᠶᠢᠨ ᠰᠤᠷᠤᠭᠴᠢ ᠶᠢ ᠲᠡᠭᠡᠷ᠎ᠡ  ᠤᠨ ︵4.5.6 ᠳ᠋ᠤᠭᠠᠷ ᠤᠨ︶ . ᠲᠤᠤᠷ᠎ᠠ ᠠᠴᠠ ︵1.2.3 ᠳ᠋ᠤᠭᠠᠷ ᠤᠨ︶ ᠬᠡᠮᠡᠨ ᠬᠤᠶᠠᠷ ᠲᠤᠭᠤᠶᠢᠯᠠᠩ ᠬᠤᠪᠢᠶᠠᠵᠦ᠂ ᠴᠡᠴᠡᠷᠯᠢᠭ ᠤᠨ ᠬᠡᠥᠬᠡᠳ ᠢ ︵ᠶᠡᠭᠡ᠂ ᠲᠤᠮᠳᠠ᠂ ᠪᠠᠭ᠎ᠠ ᠠᠩᠭᠢ ︶ ᠨᠢᠬᠡ ᠲᠤᠭᠤᠶᠢᠯᠠᠩ ᠬᠤᠪᠢᠶᠠᠵᠦ᠂ ᠪᠦᠬᠦ ᠤᠷᠤᠨ ᠤ ᠬᠡᠪᠴᠢᠶᠡᠨ ᠳᠤ ᠠᠷᠪᠠᠨ ᠬᠤᠶᠠᠷ ᠬᠤᠪᠢᠶᠠᠷᠢ ᠲᠠᠯᠠᠪᠠᠢ ᠤᠷᠤᠯᠳᠤᠭᠠᠨ  ᠶᠠᠪᠤᠭᠳᠠᠭᠤᠯᠬᠤ ᠪᠠᠷ ᠪᠤᠯᠵᠦ᠂ ᠲᠠᠷᠬᠠᠨ ᠮᠤᠤᠮᠢᠩᠭᠠᠨ ᠳᠠᠬᠢ ᠤᠷᠤᠯᠳᠤᠭᠠᠨ ᠨᠢ ᠲᠤᠯᠤᠳᠤᠭᠠᠷ ᠬᠤᠪᠢᠶᠠᠷᠢ ᠲᠠᠯᠠᠪᠠᠢ ᠤᠷᠤᠯᠳᠤᠭᠠᠨ ᠪᠤᠯᠤᠭᠰᠠᠨ ᠪᠠᠶᠢᠨ᠎ᠠ᠃
     ᠮᠠᠨ ᠤ ᠬᠤᠰᠢᠭᠤᠨ ᠤ ᠬᠤᠪᠢᠶᠠᠷᠢ ᠲᠠᠯᠠᠪᠠᠢ   ᠳᠠᠬᠢ ᠤᠷᠤᠯᠳᠤᠭᠠᠨ ᠳᠤ ᠵᠠᠭᠤᠨ  ᠲᠠᠯᠠ ᠭᠠᠷᠤᠢ ᠤᠷᠤᠯᠴᠠᠭᠴᠢ ᠢᠳᠡᠪᠬᠢᠯᠡᠨ ᠤᠷᠤᠯᠴᠠᠵᠦ᠂ ᠤᠷᠠᠨ  ᠢᠷᠠᠭᠤ ᠰᠢᠯᠦᠭ ᠨᠠᠶᠢᠷᠠᠭ ᠢᠶᠠᠨ ᠤᠶᠠᠩᠭᠠᠯᠠᠭᠰᠠᠨ ᠤ ᠳ᠋ᠦᠩ  ᠳᠤ ᠴᠡᠴᠡᠷᠯᠢᠭ ᠤᠨ ᠲᠤᠭᠤᠶᠢᠯᠠᠩ ᠤᠨ ᠤᠷᠤᠯᠳᠤᠭᠠᠨ ᠳᠤ ᠮᠠᠨ ᠤ ᠬᠤᠰᠢᠭᠤᠨ ᠤ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ᠲᠤᠷᠭᠠᠨ ︵ᠨᠢᠭᠡᠳᠦᠭᠡᠷ ᠨᠡᠷ᠎ᠡ︶᠂ ᠲᠦᠷᠪᠡᠳ ᠬᠤᠰᠢᠭᠤᠨ ᠤ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ᠤᠬᠠᠭᠠᠷᠠᠯ ︵ᠬᠤᠶᠠᠳᠤᠭᠠᠷ ᠨᠡᠷ᠎ᠡ︶᠂ ᠪᠠᠭ᠎ᠠ ᠰᠤᠷᠭᠠᠭᠤᠯᠢ ᠶᠢᠨ ᠲᠡᠭᠡᠷ᠎ᠡ ᠤᠨ ᠤ ᠲᠤᠭᠤᠶᠢᠯᠠᠩ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠰᠤᠷᠭᠠᠭᠤᠯᠢ ᠶᠢᠨ ᠴᠠᠰᠤᠨᠠ ︵ᠨᠢᠭᠡᠳᠦᠭᠡᠷ ᠨᠡᠷ᠎ᠡ︶ ᠪᠤᠭᠤᠳᠦ ᠬᠤᠳᠠ ᠶᠢᠨ ᠵᠢᠦ ᠶᠤᠸᠠᠨ ᠮᠤᠩᠭᠤᠯ ᠪᠠᠭ᠎ᠠ ᠰᠤᠷᠭᠠᠭᠤᠯᠢ ᠶᠢᠨ ᠠᠭᠠᠷᠤ ︵ᠬᠤᠶᠠᠳᠤᠭᠠᠷ ᠨᠡᠷ᠎ᠡ︶᠂ ᠲᠤᠤᠷ᠎ᠠ ᠤᠨ ᠤ ᠲᠤᠭᠤᠶᠢᠯᠠᠩ ᠳᠤ ᠲᠦᠷᠪᠡᠳ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ ᠶᠢᠨ ᠨᠡᠷᠡᠳᠢ ︵ᠨᠢᠭᠡᠳᠦᠭᠡᠷ ᠨᠡᠷ᠎ᠡ︶ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠰᠤᠷᠭᠠᠭᠤᠯᠢ ᠶᠢᠨ ᠬᠠᠯᠢᠨ ︵ᠬᠤᠶᠠᠳᠤᠭᠠᠷ ᠨᠡᠷ᠎ᠡ︶ ᠲᠤᠰ ᠲᠤᠰ ᠰᠢᠯᠤᠭᠤᠨ ᠬᠦᠬᠡ ᠬᠤᠰᠢᠭᠤᠨ ᠳᠤ ᠬᠦᠷᠴᠦ ᠰᠢᠢᠳᠪᠦᠷᠢᠳᠦ ᠤᠷᠤᠯᠳᠤᠭᠠᠨ ᠳᠤ ᠤᠷᠤᠯᠴᠠᠬᠤ ᠡᠷᠬᠡ ᠶᠢ ᠤᠯᠵᠠᠢ᠃
     ᠲᠤᠰ ᠤᠳᠠᠭᠠᠨ ᠤ ᠤᠷᠤᠯᠳᠤᠭᠠᠨ ᠨᠢ ᠬᠢᠨᠠᠭᠴᠢ ᠪᠠᠭᠰᠢ ᠶᠢᠨ ᠲᠦᠪ ᠭᠤᠤᠯᠴᠢ ᠬᠢᠨᠠᠯᠳᠠ  ᠂ ᠭᠡᠷ ᠤᠨ ᠠᠬᠠᠮᠠᠳ ᠪᠤᠯᠤᠨ ᠰᠤᠷᠤᠭᠴᠢᠳ ᠤᠨ ᠢᠳᠡᠪᠬᠢᠳᠡᠢ ᠤᠷᠤᠯᠴᠠᠯᠭ᠎ᠠ ᠲᠡᠮᠵᠢᠯᠭᠡ ᠪᠠᠷ ᠨᠢᠵᠢᠭᠡᠷ ᠰᠠᠶᠢᠬᠠᠨ ᠶᠠᠪᠤᠭᠳᠠᠵᠦ᠂ ᠪᠠᠭᠠᠴᠤᠳ ᠬᠡᠥᠬᠡᠳ ᠤᠨ ᠪᠡᠶ᠎ᠡ ᠪᠡᠶ᠎ᠡ ᠠᠴᠠ ᠪᠠᠨ ᠲᠠᠭᠠᠨ ᠰᠤᠷᠤᠯᠴᠠᠬᠤ ᠨᠠᠨᠳᠢᠨ ᠰᠠᠶᠢᠬᠠᠨ  ᠲᠤᠬᠢᠶᠠᠯ ᠪᠤᠯᠵᠦ᠂ ᠤᠳᠬ᠎ᠠ ᠠᠭᠤᠯᠭ᠎ᠠ ᠲᠠᠢ ᠰᠠᠶᠢᠬᠠᠨ ᠤᠷᠤᠯᠳᠤᠭᠠᠨ ᠪᠤᠯᠵᠦ ᠦᠨᠳᠦᠷᠯᠡᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号