ᠮᠠᠨᠳᠤᠯ ᠬᠢᠯᠢ ᠶᠢᠨ ᠪᠤᠭᠤᠮᠳᠠ ᠬᠤᠳᠠᠯᠳᠤᠭ᠎ᠠ ᠨᠦᠬᠦᠴᠡᠯ ᠢ ᠰᠢᠯᠢᠳᠡᠭᠵᠢᠭᠦᠯᠦᠨ ᠠᠵᠦ ᠠᠬᠤᠶᠢᠯᠠᠯ ᠳᠤ ᠲᠦᠬᠦᠮ ᠦᠵᠡᠭᠦᠯᠵᠦ  ᠪᠤᠢ
ᠨᠡᠶᠢᠲᠡᠯᠡᠭᠰᠡᠨ ᠴᠠᠭ᠄
2021/6/15
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠨᠳᠦᠯ ᠬᠢᠯᠢ ᠶᠢᠨ ᠪᠤᠭᠤᠮᠳᠠ ᠨᠢ ᠲᠡᠭᠡᠷ᠎ᠡ ᠱᠠᠳᠤᠨ ᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠰᠢᠢᠳᠪᠦᠷᠢ ᠪᠠᠶᠢᠷᠢᠯᠠᠭᠤᠯᠤᠯᠳᠠ ᠶᠢ ᠨᠠᠷᠢᠨ ᠨᠢᠮᠪᠠᠢ ᠲᠤᠭᠤᠰᠢᠯᠠᠭᠤᠯᠵᠦ᠂ ᠬᠢᠯᠢ ᠶᠢᠨ  ᠪᠤᠭᠤᠮᠳᠠ ᠶᠢᠨ ᠠᠷᠠᠯᠵᠢᠶᠠᠨ ᠳᠤ ᠲᠦᠭᠦᠮ ᠦᠵᠡᠭᠦᠯᠦᠨ᠂ ᠭᠠᠳᠠᠭᠠᠳᠦ ᠠᠷᠠᠯᠵᠢᠶᠠᠨ ᠤ ᠲᠤᠭᠳᠠᠭᠤᠨ ᠡᠷᠡᠭᠦᠯ ᠬᠦᠭᠵᠢᠯᠳᠡ ᠶᠢ ᠠᠬᠢᠭᠤᠯᠵᠦ ᠪᠤᠢ᠃
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠳᠠᠯᠳᠤᠭ᠎ᠠ  ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠱᠠᠭᠠᠷᠳᠠᠯᠭ᠎ᠠ ᠪᠠᠷ ᠬᠢᠯᠢ ᠪᠠᠷ ᠤᠷᠤᠵᠦ ᠭᠠᠷᠬᠤ ᠬᠢᠨᠠᠨ ᠵᠦᠪᠰᠢᠶᠡᠷᠡᠯ ᠢ ᠲᠦᠷᠢᠮᠵᠢᠭᠦᠯᠵᠦ᠂ ᠬᠢᠯᠢ ᠲᠠᠪᠠᠭ᠋ᠤ ᠠᠯᠬᠤᠮ ᠲᠠᠷᠠᠭ᠎ᠠ ᠶᠢ ᠲᠦᠭᠦᠮᠴᠢᠯᠡᠨ᠂ ᠴᠢᠬᠤᠯᠠ ᠪᠤᠰᠤ ᠬᠢᠨᠠᠨ ᠬᠠᠮᠢᠶᠠᠷᠤᠯᠳᠠ ᠶᠢᠨ ᠱᠠᠭᠠᠷᠳᠠᠯᠭ᠎ᠠ ᠶᠢ ᠦᠭᠡᠶᠢᠰᠬᠡᠵᠦ᠂ ᠬᠢᠯᠢ ᠠᠯᠤᠰᠯᠠᠭᠰᠠᠨ ᠠᠷᠠᠯᠵᠢᠶᠠᠨ ᠤ ᠬᠠᠮᠢᠶᠠᠷᠤᠯᠳᠠ ᠶᠢᠨ ᠰᠢᠰᠲ᠋ᠧᠮ ᠢ ᠲᠡᠭᠦᠯᠳᠡᠷᠵᠢᠭᠦᠯᠵᠦ ᠪᠤᠢ᠃ ᠦᠢᠯᠡᠴᠢᠯᠡᠭᠡ ᠪᠠᠨ  ᠰᠠᠶᠢᠵᠢᠷᠠᠭᠤᠯᠵᠦ ᠠᠵᠦ ᠠᠬᠤᠶᠢᠯᠠᠯ ᠳᠤ ᠲᠦᠭᠦᠮ ᠦᠵᠡᠭᠦᠯᠬᠦ ᠶᠢᠨ ᠲᠦᠯᠦᠭᠡ ᠬᠢᠨᠠᠨ ᠵᠦᠪᠰᠢᠶᠡᠷᠬᠦ ᠦᠢᠯᠡᠴᠢᠯᠡᠭᠡᠨ ᠤ ᠲᠠᠩᠬᠢᠮ ᠵᠡᠷᠭᠡ ᠨᠦᠬᠦᠴᠡᠯ ᠢ ᠪᠦᠷᠢᠳᠦᠭᠦᠯᠵᠦ ᠶᠡᠷᠦᠩᠭᠡᠶᠢᠯᠡᠨ ᠬᠦᠯᠢᠶᠡᠨ ᠠᠪᠴᠦ ᠰᠢᠳᠪᠦᠷᠢᠯᠡᠬᠦ ᠴᠤᠩᠬᠤᠪᠴᠢ ᠨᠡᠭᠡᠭᠡᠨ᠂ ᠨᠢᠭᠡ ᠴᠤᠩᠬᠤᠨ ᠳᠤ ᠪᠦᠬᠦᠶᠢᠯᠡ ᠬᠦᠢᠴᠡᠳᠭᠡᠯ ᠢ ᠪᠡᠶᠡᠯᠡᠭᠦᠯᠵᠦ ᠲᠡᠶᠢᠯᠬᠦ ᠪᠤᠯᠭᠠᠪᠠ᠃
     ᠬᠢᠯᠢ ᠪᠠᠷ ᠪᠠᠷᠠᠭ᠎ᠠ ᠲᠡᠭᠡᠭᠡᠪᠦᠷᠢ ᠤᠷᠤᠵᠦ ᠭᠠᠷᠬᠤ ᠶᠢ ᠲᠦᠭᠦᠮ ᠪᠤᠯᠭᠠᠵᠦ᠂ ᠪᠤᠭᠤᠮᠳᠠ ᠶᠢᠨ ᠬᠠᠮᠳᠤᠷᠠᠨ ᠠᠵᠢᠯᠯᠠᠬᠤ ᠲᠤᠭᠳᠠᠴᠠ ᠶᠢ ᠰᠠᠶᠢᠵᠢᠷᠠᠭᠤᠯᠬᠤ ᠶᠢᠨ ᠲᠦᠯᠦᠭᠡ᠂ ᠬᠢᠯᠢ ᠶᠢᠨ ᠪᠤᠭᠤᠮᠳᠠ ᠶᠢᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠮᠡᠳᠡᠭᠡ ᠵᠠᠩᠭᠢ ᠪᠠᠨ ᠬᠠᠷᠢᠯᠴᠠᠨ ᠰᠤᠯᠢᠯᠴᠠᠵᠦ᠂ ︽ᠬᠠᠮᠳᠤᠷᠠᠨ  ᠪᠠᠶᠢᠴᠠᠭᠠᠨ ᠰᠢᠯᠭᠠᠬᠤ᠂ ᠨᠢᠭᠡ ᠯᠡ ᠤᠳᠠᠭ᠎ᠠ   ᠳᠤ ᠦᠩᠭᠡᠷᠡᠭᠦᠯᠬᠦ︾ ᠪᠤᠭᠤᠮᠳᠠ ᠦᠩᠭᠡᠷᠡᠬᠦ ᠵᠠᠭᠪᠤᠷ ᠢ ᠬᠦᠨᠵᠡᠭᠡᠶᠢᠷᠡᠬᠦᠯᠦᠨ᠂ ᠬᠢᠯᠢ ᠶᠢᠨ ᠪᠤᠭᠤᠮᠳᠠ ᠶᠢᠨ ᠬᠢᠯᠢ ᠪᠠᠷ ᠤᠷᠤᠵᠦ ᠭᠠᠷᠬᠤ ᠶᠢ ᠪᠠᠶᠢᠴᠠᠭᠠᠬᠤ ᠳᠤ ᠬᠢᠯᠢ ᠬᠠᠮᠠᠭᠠᠯᠠᠯᠳᠠ ᠶᠢᠨ ᠰᠢᠯᠭᠠᠨ ᠪᠠᠶᠢᠴᠠᠭᠠᠬᠤ ᠦᠷᠳᠡᠭᠡ ᠨᠢ ︽ᠭᠤᠷᠪᠠᠨ ᠠᠵᠢᠯ ᠤᠨ ᠪᠠᠶᠢᠷᠢ ᠶᠢ ᠨᠢᠭᠡᠳᠬᠡᠨ᠂ ᠨᠢᠭᠡ ᠤᠳᠠᠭ᠎ᠠ ᠰᠢᠯᠭᠠᠨ ᠪᠠᠶᠢᠴᠠᠭᠠᠬᠤ︾ ᠶᠢ ᠬᠡᠷᠡᠭᠵᠢᠬᠦᠯᠵᠦ᠂ ᠪᠤᠭᠤᠮᠳᠠ ᠨᠢ ᠨᠢᠭᠡ ᠴᠤᠩᠬᠤᠪᠴᠢ ᠶᠢᠨ ᠦᠢᠯᠡᠴᠢᠯᠡᠭᠡ ᠪᠠᠷ ᠰᠢᠯᠭᠠᠨ ᠪᠠᠶᠢᠴᠠᠭᠠᠵᠦ ᠲᠡᠷᠭᠡ ᠤᠷᠤᠭᠤᠯᠬᠤ ᠴᠠᠭ ᠢ0.5 ᠴᠠᠭ ᠪᠤᠭᠤᠨᠢᠰᠬᠠᠨ᠂ ᠬᠢᠯᠢ ᠪᠠᠷ ᠤᠷᠤᠵᠦ ᠭᠠᠷᠬᠤ ᠪᠠᠷᠠᠭ᠎ᠠ ᠲᠡᠭᠡᠭᠡᠪᠦᠷ ᠶᠢᠨ ᠲᠠᠩᠰᠠᠨ  ᠳᠤ ᠲᠡᠮᠳᠡᠭᠯᠡᠬᠦ ᠴᠤᠪᠤᠷᠠᠯ ᠶᠢ ᠪᠢᠴᠢᠭ ᠮᠠᠲᠸᠢᠷᠢᠶᠠᠯ ᠤᠨ ᠬᠡᠯᠪᠡᠷᠢ ᠠᠴᠠ ᠪᠠᠨ ᠡᠯᠧᠺᠲᠷᠤᠨ ᠬᠡᠯᠪᠡᠷᠢ ᠪᠤᠯᠭᠠᠵᠦ᠂ ᠬᠦᠢᠴᠡᠳᠭᠡᠬᠦ ᠴᠠᠭ ᠨᠢ ᠤᠤᠯ ᠤᠨ ᠬᠠᠭᠠᠰ ᠡᠳᠦᠷ ᠠᠴᠠ ᠪᠠᠨ20  ᠮᠢᠨᠦ᠋ᠲ ᠪᠤᠯᠤᠨ ᠪᠤᠭᠤᠨᠢᠰᠴᠦ᠂ ᠠᠵᠦ ᠠᠬᠤᠶᠢᠯᠠᠯ ᠳᠤ ᠦᠨᠡᠨᠬᠦ ᠲᠦᠬᠦᠮ ᠦᠵᠡᠭᠦᠯᠵᠦ ᠴᠢᠳᠠᠵᠠᠢ᠃
     ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠦᠭᠰᠡᠨ ᠠᠴᠠ ᠨᠠᠰᠢ᠂ ᠮᠠᠨᠳᠤᠯ ᠬᠢᠯᠢ ᠶᠢᠨ ᠪᠤᠭᠤᠮᠳᠠ   ᠪᠠᠷ ᠤᠷᠤᠵᠦ ᠭᠠᠷᠬᠤ ᠪᠠᠷᠠᠭ᠎ᠠ ᠲᠡᠭᠡᠭᠡᠪᠦᠷᠢ ᠶᠢᠨ ᠲᠤᠭ᠎ᠠ ᠲᠠᠰᠤᠷᠠᠯ ᠦᠭᠡᠢ ᠨᠡᠮᠡᠭᠳᠡᠨ᠂2021 ᠤᠨ  ᠤ5 ᠰᠠᠷ᠎ᠠ ᠶᠢᠨ26 ᠪᠤᠯᠳᠠᠯ᠎ᠠ᠂ ᠮᠠᠨᠳᠤᠯ ᠬᠢᠯᠢ ᠶᠢᠨ ᠪᠤᠭᠤᠮᠳᠠ ᠶᠢᠨ ᠰᠢᠯᠭᠠᠨ ᠪᠠᠶᠢᠴᠠᠭᠠᠭᠰᠠᠨ ᠬᠦᠮᠦᠨ ᠤ ᠲᠤᠭ᠎ᠠ 18029 ᠬᠦᠮᠦᠨ ᠤᠳᠠᠭ᠎ᠠ ᠳᠤ ᠬᠦᠷᠴᠦ᠂ ᠨᠡᠶᠢᠳᠡ17629 ᠤᠳᠠᠭ᠎ᠠ  ᠲᠡᠷᠭᠡ ᠦᠩᠭᠡᠷᠡᠵᠦ᠂ 720714.74 ᠲᠤᠨ ᠪᠠᠷᠠᠭ᠎ᠠ ᠦᠩᠭᠡᠷᠡᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号