ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ26  ᠳ᠋ᠤᠭᠠᠷ ᠤᠳᠠᠭᠠᠨ ᠤ ᠨᠢᠳᠦ ᠪᠠᠨ ᠬᠠᠶᠢᠷᠠᠯᠠᠬᠤ ᠬᠦᠳᠡᠯᠭᠡᠭᠡᠨ
ᠨᠡᠶᠢᠲᠡᠯᠡᠭᠰᠡᠨ ᠴᠠᠭ᠄
2021/6/15
     2021 ᠤᠨ ᠤ6 ᠰᠠᠷ᠎ᠠ ᠶᠢᠨ6 ᠤ ᠡᠳᠦᠷ ᠪᠤᠯ ᠪᠦᠬᠦ ᠤᠯᠤᠰ ᠤᠨ26 ᠳ᠋ᠤᠭᠠᠷ ᠤᠳᠠᠭᠠᠨ ᠤ ︽ᠨᠢᠳᠦ  ᠪᠠᠨ ᠬᠠᠶᠢᠷᠠᠯᠠᠬᠤ︾ ᠡᠳᠦᠷ ᠪᠤᠯᠤᠨ᠎ᠠ᠃ ᠮᠠᠨ ᠤ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠬᠡᠰᠡᠭ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠲᠠᠢ ᠬᠠᠮᠳᠤᠷᠠᠨ ᠨᠠᠮ ᠪᠠᠶᠢᠭᠤᠯᠤᠭᠳᠠᠭᠰᠠᠨ100 ᠵᠢᠯ ᠤᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠠᠬᠢᠭᠤᠯᠵᠦ᠂ ᠤᠯᠠᠨ ᠲᠦᠮᠡᠨ ᠳᠤ ᠪᠤᠳᠠᠳᠠᠢ ᠠᠵᠢᠯ ᠬᠢᠬᠦ ᠪᠠᠷ ︽ᠪᠢ ᠪᠤᠯ ᠤᠯᠤᠰ ᠲᠦᠷᠦ ᠶᠢᠨ ᠬᠡᠰᠢᠬᠦᠨ᠂ ᠪᠢ ᠲᠠᠨ ᠢ ᠬᠠᠪᠰᠤᠷᠠᠶ᠎ᠠ︾ ᠭᠡᠬᠦ ᠬᠦᠳᠡᠯᠬᠡᠬᠡᠨ ᠪᠤᠯᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠨ ᠡᠷᠴᠢᠮ ᠲᠠᠢ ᠶᠠᠪᠤᠭᠳᠠᠭᠤᠯᠬᠤ ᠶᠢᠨ ᠲᠦᠯᠦᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ   ᠤ ᠦᠨᠳᠦᠰᠦᠳᠡᠨ ᠤ ᠬᠡᠥᠬᠡᠳ   ᠤᠨ ᠴᠡᠴᠡᠷᠯᠢᠭ ᠲᠤ ᠬᠦᠷᠴᠦ ᠦᠢᠯᠡᠴᠢᠯᠡᠭᠡ ᠬᠢᠭᠰᠡᠨ ᠪᠠᠶᠢᠨ᠎ᠠ᠃
     ᠤᠯᠤᠰ ᠲᠦᠷᠦ ᠶᠢᠨ ᠵᠦᠪᠯᠡᠯᠡᠬᠡᠨ ᠤ ᠬᠡᠰᠢᠬᠦᠳ ᠠᠴᠠ ᠬᠠᠷᠠᠭ᠎ᠠ ᠬᠠᠮᠠᠭᠠᠯᠠᠬᠤ  ᠴᠢᠬᠤᠯᠠ ᠲᠠᠢ ᠬᠡᠥᠬᠡᠳ ᠪᠠᠭᠠᠴᠤᠳ ᠲᠤ688 ᠲᠦᠭᠦᠷᠢᠭ ᠤᠨ ᠦᠷᠳᠡᠭ ᠲᠠᠢ ᠨᠢᠳᠦ ᠬᠠᠮᠠᠭᠠᠯᠠᠬᠤ ᠲᠦᠬᠦᠭᠡᠷᠦᠮᠵᠢ ᠪᠠᠯᠡᠭᠯᠡᠵᠦ᠂ ᠨᠢᠳᠦᠨ ᠤ ᠰᠠᠯᠠᠭᠠᠨ ᠤ ᠲᠤᠰᠬᠠᠢ ᠡᠮᠴᠢ ᠶᠢ ᠤᠷᠢᠵᠦ ᠪᠠᠭᠠᠴᠤᠳ ᠬᠡᠥᠬᠡᠳ ᠪᠤᠯᠤᠨ ᠭᠡᠷ ᠤᠨ ᠠᠬᠠᠮᠠᠳ ᠲᠤ ᠨᠢᠳᠦᠨ ᠬᠠᠷᠠᠭ᠎ᠠ  ᠪᠠᠨ ᠵᠦᠢ ᠵᠤᠬᠢᠰᠳᠠᠢ ᠬᠠᠶᠢᠷᠠᠯᠠᠨ ᠬᠠᠮᠠᠭᠠᠯᠠᠬᠤ ᠲᠠᠶᠢᠯᠤᠮᠵᠢ ᠬᠢᠯᠭᠡᠭᠰᠡᠨ ᠪᠠᠶᠢᠨ᠎ᠠ᠃
     ᠭᠠᠷ ᠤᠳᠠᠰᠦ᠂  ᠺᠤᠮᠫᠢᠤᠲ᠋ᠧᠷ ᠵᠡᠷᠭᠡ ᠡᠯᠧᠺᠲᠷᠤᠨ ᠮᠡᠷᠭᠡᠵᠢᠯ ᠤᠨ ᠦᠳᠳᠡᠷ ᠲᠦᠷᠭᠡᠨ ᠲᠦᠭᠡᠮᠡᠯᠵᠢᠭᠦᠯᠬᠦ  ᠶᠢ ᠲᠠᠭᠠᠯᠳᠤᠨ ᠪᠠᠭᠠᠴᠤᠳ ᠬᠡᠥᠬᠡᠳ ᠤᠨ ᠨᠢᠳᠦ ᠶᠢ ᠬᠠᠮᠠᠭᠠᠯᠠᠬᠤ ᠠᠵᠢᠯ ᠨᠢ ᠭᠡᠷ ᠤᠨ ᠠᠬᠠᠮᠠᠳ ᠤᠨ ᠦᠷᠬᠦᠯᠵᠢ ᠰᠠᠨᠠᠭ᠎ᠠ ᠪᠤᠯᠳᠠᠭ ᠤᠴᠢᠷ ᠠᠴᠠ ᠲᠤᠰ ᠤᠳᠠᠭᠠᠨ ᠤ ᠬᠦᠳᠡᠯᠭᠡᠭᠡᠨ ᠨᠢ ᠦᠷᠭᠡᠨ ᠤᠯᠠᠨ ᠭᠡᠷ ᠤᠨ ᠠᠬᠠᠮᠠᠳ ᠪᠤᠯᠤᠨ ᠬᠡᠥᠬᠡᠳ ᠪᠠᠭᠠᠴᠤᠳ ᠲᠤ ᠲᠤᠩ ᠠᠰᠢᠭ ᠲᠤᠰᠠ ᠲᠠᠢ  ᠦᠢᠯᠡ ᠠᠵᠢᠯᠯᠠᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号