ᠶᠡᠭᠡ ᠰᠡᠭᠦᠵᠢ ᠪᠠᠭ᠎ᠠ ᠰᠤᠷᠭᠠᠭᠤᠯᠢ ᠶᠢᠨ ᠬᠡᠥᠬᠡᠳ  ᠤᠳ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠲᠤᠷᠠᠰᠬᠠᠯ ᠤᠨ ᠪᠡᠯᠡᠭ ᠲᠤᠰᠤᠯ᠎ᠠ
ᠨᠡᠶᠢᠲᠡᠯᠡᠭᠰᠡᠨ ᠴᠠᠭ᠄
2021/6/17
   
     ᠤᠶᠢᠷ᠎ᠠ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠲᠠᠮᠠᠶᠢᠷ ᠵᠢᠭᠤᠴᠢᠯᠠᠯ ᠷᠡᠳᠢᠤ᠋ ᠲᠧᠯᠸᠢᠰ ᠤᠨ ᠲᠤᠪᠴᠢᠶ᠎ᠠ ᠶᠢᠨ ᠤᠯᠠᠨ ᠲᠦᠮᠡᠨ ᠤ ᠰᠤᠶᠤᠯ ᠤᠨ ᠦᠢᠯᠡᠴᠢᠯᠡᠭᠡᠨ ᠤ ᠲᠦᠪ ᠲᠠᠪᠤᠨ ᠰᠠᠷ᠎ᠠ ᠶᠢᠨ ᠲᠠᠪᠤᠨ ᠤ ᠤᠯᠠᠮᠵᠢᠯᠠᠯᠳᠦ ᠲᠤᠷᠠᠰᠬᠠᠯ ᠤᠨ  ᠡᠳᠦᠷ ᠢᠶᠠᠷ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠢ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠬᠠᠭᠤᠯᠬᠤ ᠰᠠᠷ᠎ᠠ ᠶᠢᠨ ᠡᠯ᠎ᠡ ᠲᠦᠷᠦᠯ ᠤᠨ ᠬᠦᠳᠡᠯᠭᠡᠭᠡᠨ ᠢ ᠠᠬᠢᠭᠤᠯᠤᠨ᠂ ︽ᠨᠠᠮ ᠤᠨ ᠲᠡᠥᠬᠡ ᠶᠢᠨ ᠰᠤᠷᠤᠯᠴᠠᠯᠭ᠎ᠠ ᠬᠦᠮᠦᠵᠢᠯ  ᠢ ᠦᠷᠨᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ  ᠪᠠᠳᠦ ᠴᠤᠭᠴᠠᠯᠠᠬᠤ  ︾ ᠪᠠᠷ ᠭᠤᠤᠯ ᠰᠡᠳᠦᠪ ᠪᠤᠯᠭᠠᠭᠰᠠᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ   ᠶᠢ ᠵᠤᠬᠢᠶᠠᠨ ᠪᠠᠶᠢᠭᠤᠯᠵᠦ᠂ ᠶᠡᠭᠡ ᠰᠡᠭᠦᠵᠢ ᠪᠠᠭ᠎ᠠ ᠰᠤᠷᠭᠠᠭᠤᠯᠢ ᠳᠤ ᠬᠦᠷᠴᠦ᠂ ᠬᠡᠥᠬᠡᠳ ᠤᠳ ᠲᠤ ᠨᠤᠮ ᠪᠢᠴᠢᠭ ᠬᠦᠷᠭᠡᠬᠦ ᠤᠳᠬ᠎ᠠ ᠠᠭᠤᠯᠭ᠎ᠠ ᠲᠠᠢ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ᠃
     ᠲᠤᠬᠠᠢ ᠶᠢᠨ ᠡᠳᠦᠷ᠂ ᠤᠯᠠᠨ ᠲᠦᠮᠡᠨ ᠤ ᠰᠤᠶᠤᠯ ᠤᠨ ᠦᠢᠯᠡᠴᠢᠯᠡᠭᠡᠨ ᠤ ᠲᠦᠪ ᠤᠨ ᠬᠢᠨ ᠶᠡᠭᠡ ᠰᠡᠭᠦᠵᠢ ᠪᠠᠭ᠎ᠠ ᠰᠤᠷᠭᠠᠭᠤᠯᠢ ᠶᠢᠨ ᠰᠤᠷᠤᠭᠴᠢᠳ ᠲᠤ᠂  ᠤᠩᠰᠢᠯᠭ᠎ᠠ ᠶᠢᠨ ᠲᠡᠪᠳᠡᠷ᠂ ᠨᠠᠮ ᠤᠨ ᠲᠡᠥᠬᠡ ᠶᠢᠨ ᠨᠤᠮ᠂ ᠲᠠᠪᠤᠨ ᠦᠩᠭᠡᠳᠦ ᠲᠡᠭᠡᠰᠦ ᠬᠦᠷᠭᠡᠵᠦ᠂ ᠪᠦᠬᠦ ᠪᠠᠭᠰᠢ ᠰᠤᠷᠤᠭᠴᠢᠳ   ᠲᠠᠢ ᠬᠠᠮᠳᠦ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠲᠤᠷᠠᠰᠬᠠᠨ ᠪᠡᠯᠭᠡᠯᠡᠪᠡ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠷᠠᠨ ᠪᠢᠴᠢᠯᠭᠡ ᠶᠢᠨ ᠬᠢᠴᠢᠶᠡᠯ ᠤᠷᠤᠵᠦ᠂ ᠬᠢᠳᠠᠳ ᠦᠰᠦᠭ ᠤᠨ ᠢᠷᠡᠯᠳᠡ᠂ ᠤᠯᠠᠷᠢᠭᠤᠯᠤᠨ ᠬᠤᠪᠢᠰᠬᠠᠬᠤ ᠶᠠᠪᠤᠴᠠ ᠠᠴᠠ ᠬᠢᠳᠠᠳ ᠦᠰᠦᠭ ᠤᠨ ᠦᠨᠳᠦᠰᠦᠨ ᠪᠢᠴᠢᠯᠭᠡ ᠵᠢᠴᠢ ᠦᠰᠦᠭ ᠤᠨ ᠣᠳᠬ᠎ᠠ ᠶᠢᠨ ᠬᠡᠷᠡᠭᠯᠡᠯᠳᠡ ᠶᠢ ᠨᠠᠷᠢᠨ ᠲᠠᠶᠢᠯᠪᠦᠷᠢᠯᠠᠵᠦ᠂ ᠪᠠᠰᠠ ᠦᠪᠡᠷ ᠤᠨ ᠤᠷᠡᠨ ᠪᠢᠴᠢᠯᠭᠡ ᠶᠢᠨ ᠪᠦᠳᠦᠭᠡᠯ ᠢᠶᠠᠨ ᠲᠡᠯᠭᠡᠨ ᠦᠵᠡᠭᠦᠯᠵᠠᠢ᠃ ᠤᠷᠠᠨ ᠪᠢᠴᠢᠯᠭᠡ ᠶᠢᠨ ᠨᠡᠶᠢᠭᠡᠮᠯᠢᠭ ᠤᠨ ᠬᠡᠰᠢᠬᠦᠳ ᠠᠴᠠ ᠲᠤᠬᠠᠢ ᠶᠢᠨ ᠲᠠᠯᠠᠪᠠᠢ ᠳᠤ ᠤᠯᠠᠨ ᠳᠤ ᠵᠢᠷᠤᠭ ᠵᠢᠷᠤᠵᠦ ᠦᠭᠭᠦᠨ᠂ ᠰᠤᠷᠤᠭᠴᠢᠳ  ᠤᠨ ᠠᠰᠠᠭᠤᠯᠳᠠ ᠳᠤ ᠢᠳᠡᠪᠬᠢᠳᠠᠢ ᠬᠠᠷᠢᠭᠤᠯᠳᠠ ᠦᠭᠴᠦ᠂ ᠲᠡᠥᠬᠡᠳᠦ ᠬᠦᠮᠦᠰ ᠢ ᠲᠠᠨᠠᠯᠴᠠᠭᠤᠯᠵᠦ᠂ ᠨᠠᠮ ᠤᠨ ᠲᠠᠭᠤᠤ ᠪᠠ ᠦᠨᠳᠦᠰᠦᠳᠡᠨ ᠤ ᠪᠦᠯᠬᠦᠮᠳᠡᠯ   ᠤᠨ ᠮᠡᠳᠡᠯᠭᠡ ᠶᠢᠨ ᠲᠤᠬᠠᠢ ᠲᠠᠶᠢᠯᠪᠦᠷᠢᠯᠠᠨ ᠰᠤᠷᠤᠭᠴᠢᠳ ᠢ ᠤᠷᠠᠮᠰᠢᠭᠤᠯᠵᠦ᠂  ᠪᠠᠶᠠᠷ ᠬᠦᠷ ᠲᠠᠢ ᠰᠤᠷᠤᠯᠴᠠᠬᠤ ᠠᠭᠤᠷ ᠠᠮᠢᠰᠬᠤᠯ ᠤᠨ ᠲᠤᠮᠳᠠ ᠲᠤᠰ ᠤᠳᠠᠭᠠᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠨ ᠦᠷᠨᠢᠭᠦᠯᠦᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号