ᠤᠶᠢᠷ᠎ᠠ ᠳᠤ᠂ ᠪᠠᠶ᠋ᠬᠠᠤᠪᠤᠭ᠎ᠠ ᠰᠤᠮᠤᠨ ᠤ ᠨᠠᠮ ᠤᠨ ᠡᠭᠦᠷ ︽ᠨᠠᠮ ᠤᠨ ᠲᠡᠥᠬᠡ ᠶᠢ ᠰᠤᠷᠤᠯᠴᠠᠵᠦ᠂ | ᠢᠳᠡᠭᠡᠯ ᠵᠤᠷᠢᠭ ᠢᠶᠠᠨ ᠬᠦᠪᠴᠢᠯᠡᠨ᠂ ᠨᠠᠮ ᠢᠶᠠᠨ ᠲᠠᠭᠠᠬᠤ︾ ᠭᠤᠤᠯ ᠰᠡᠳᠦᠪᠳᠦ ᠨᠠᠮ ᠪᠠᠶᠢᠭᠤᠯᠤᠭᠳᠠᠭᠰᠠᠨ100 | ᠵᠢᠯ ᠤᠨ ᠤᠢ ᠶᠢ ᠪᠡᠯᠭᠡᠯᠡᠬᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠵᠦ᠂ ᠪᠠᠶ᠋ᠬᠠᠬᠤᠸᠠ ᠭᠠᠴᠠᠭ᠎ᠠ᠂ | ᠭᠡᠷᠡᠯᠠᠤᠳᠦ ᠭᠠᠴᠠᠭ᠎ᠠ᠂ ᠤᠯᠠᠭᠠᠠᠴᠠᠪ ᠭᠠᠴᠠᠭ᠎ᠠ᠂ ᠲᠠᠪᠰᠢᠯᠳᠦ ᠭᠠᠴᠠᠭᠠᠨ ᠤ ᠨᠠᠮ ᠤᠨ ᠬᠡᠰᠢᠭᠦᠳ ᠢᠶᠠᠨ ᠵᠤᠬᠢᠶᠠᠨ | ᠪᠠᠶᠢᠭᠤᠯᠤᠨ ᠲᠤᠭᠤᠷᠢᠨ ᠰᠤᠷᠤᠯᠴᠠᠬᠤ ᠬᠦᠳᠡᠯᠭᠡᠭᠡᠨ ᠡᠷᠬᠢᠯᠡᠭᠰᠡᠨ ᠪᠠᠶᠢᠨ᠎ᠠ᠃ | | ᠬᠦᠳᠡᠯᠭᠡᠭᠡᠨ ᠳᠤ᠂ ᠪᠠᠶ᠋ᠬᠠᠬᠤᠸᠠ ᠭᠠᠴᠠᠭ᠎ᠠ ᠪᠠ ᠲᠠᠪᠰᠢᠯᠳᠦ ᠭᠠᠴᠠᠭᠠᠨ ᠤ ᠨᠠᠮ ᠤᠨ ᠬᠡᠰᠢᠭᠦᠳ ᠲᠠᠯᠠᠨ | ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲᠢᠽᠠᠨ ᠰᠠᠭᠤᠷᠢᠨ ᠭᠠᠵᠠᠷ ᠤᠨ ᠦᠵᠡᠰᠭᠦᠯᠡᠩ ᠤᠨ ᠤᠷᠳᠤᠨ ᠪᠠ | ᠮᠤᠨᠢ ᠠᠭᠤᠯᠠ ᠪᠤᠳᠠᠰ ᠤᠨ ᠪᠤᠰᠤ ᠰᠤᠶᠤᠯ ᠤᠨ ᠦᠪ ᠤᠨ ᠪᠠᠯᠭᠠᠰᠤᠨ ᠳᠤ ᠬᠦᠷᠴᠦ᠂ ᠤᠯᠠᠭᠠᠨ ᠴᠡᠷᠢᠭ ᠤᠨ ᠵᠠᠮ ᠢ | ᠲᠠᠬᠢᠨ ᠶᠠᠪᠤᠵᠦ ᠠᠬᠠᠮᠠᠳ ᠬᠤᠪᠢᠰᠬᠠᠯᠴᠢᠳ ᠤᠨ ᠤᠯᠤᠰ ᠢᠶᠠᠨ ᠬᠠᠶᠢᠷᠠᠯᠠᠬᠤ ᠵᠤᠷᠢᠭ ᠰᠠᠨᠠᠭ᠎ᠠ ᠶᠢ ᠰᠤᠷᠤᠯᠴᠠᠨ | ᠤᠶᠢᠯᠠᠭᠠᠪᠠ᠃ ᠭᠡᠷᠡᠯᠠᠤᠳᠦ ᠭᠠᠴᠠᠭᠠᠨ ᠤ ᠨᠠᠮ ᠤᠨ ᠬᠡᠰᠢᠭᠦᠳ ᠬᠦᠬᠡᠬᠤᠳᠠ ᠶᠢᠨ ᠤᠯᠠᠭᠠᠠᠭᠦᠦ ᠨᠦᠬᠦᠷ ᠤᠨ | ᠲᠤᠷᠠᠰᠬᠠᠯ ᠤᠨ ᠤᠷᠳᠤᠨ ᠪᠠ ᠵᠢᠶᠠ ᠯᠢ ᠭᠧᠩ ᠦᠷᠡᠭᠳᠡᠭᠰᠡᠨ ᠪᠠᠭᠠᠳᠤᠷ ᠤᠨ ᠲᠤᠷᠠᠰᠬᠠᠯ ᠤᠨ ᠤᠷᠳᠤᠨ᠂ ᠵᠤᠤ | ᠵᠢᠶᠦ᠋ᠨ ᠮᠦᠽᠧ ᠳᠤ ᠬᠦᠷᠴᠦ ᠲᠡᠥᠬᠡ ᠰᠤᠶᠤᠯ ᠤᠨ ᠤᠯᠠ ᠮᠦᠴᠢᠷ ᠢ ᠮᠦᠷᠳᠡᠨ ᠰᠤᠷᠤᠯᠴᠠᠪᠠ᠃ ᠤᠯᠠᠭᠠᠨᠴᠠᠪ | ᠭᠠᠴᠠᠭᠠᠨ ᠤ ᠨᠠᠮ ᠤᠨ ᠬᠡᠰᠢᠭᠦᠳ ᠲᠤᠤ ᠮᠠ ᠭᠸᠤ ᠳᠤ ᠬᠦᠷᠴᠦ᠂ ᠲᠤᠰᠬᠤᠨ ᠤ ᠬᠠᠭᠤᠴᠢᠨ ᠲᠡᠥᠬᠡ ᠶᠢ ᠤᠶᠢᠯᠠᠭᠠᠨ | ᠲᠤᠤ ᠮᠠ ᠭᠸᠤ ᠲᠤᠰᠬᠤᠨ ᠬᠡᠷᠬᠢᠨ ᠶᠠᠳᠠᠭᠤ ᠬᠦᠴᠢᠷᠳᠡᠯᠲᠠᠢ ᠲᠤᠰᠬᠤᠨ ᠠᠴᠠ ᠪᠠᠨ ᠤᠳᠤ ᠶᠢᠨ ᠦᠵᠡᠰᠭᠡᠯᠡᠩᠳᠦ | ᠰᠠᠶᠢᠬᠠᠨ ᠰᠢᠨ᠎ᠡ ᠲᠤᠰᠬᠤᠨ ᠪᠤᠯᠤᠨ ᠬᠦᠭᠵᠢᠭᠰᠡᠨ ᠢ ᠤᠶᠢᠯᠠᠭᠠᠵᠦ ᠮᠡᠳᠡᠵᠠᠢ᠃ | | ᠪᠠᠶ᠋ᠬᠠᠤᠪᠤᠭ᠎ᠠ ᠰᠤᠮᠤᠨ ᠤ ᠵᠤᠬᠢᠶᠠᠨ ᠪᠠᠶᠢᠭᠤᠯᠤᠭᠰᠠᠨ ᠡᠨᠡ ᠬᠦ ᠬᠦᠳᠡᠯᠭᠡᠭᠡᠨ ᠨᠢ ᠨᠠᠮ ᠤᠨ ᠬᠡᠰᠢᠭᠦᠳ ᠲᠤ | ᠠᠬᠠᠮᠠᠳ ᠬᠤᠪᠢᠰᠬᠠᠯᠴᠢᠳ ᠤᠨ ᠵᠤᠷᠢᠭ ᠰᠠᠨᠠᠭ᠎ᠠ ᠶᠢ ᠬᠦᠨ ᠭᠦᠨᠵᠡᠭᠡᠢ ᠤᠶᠢᠯᠠᠭᠠᠭᠤᠯᠬᠤ ᠶᠢᠨ ᠬᠠᠮᠳᠦ᠂ ᠲᠡᠳᠡᠨ ᠤ | ᠨᠠᠮ ᠤᠨ ᠲᠡᠥᠬᠡ ᠶᠢ ᠰᠤᠷᠤᠯᠴᠠᠵᠦ᠂ ᠡᠭᠦᠷᠢᠳᠡ ᠨᠠᠮ ᠢᠶᠠᠨ ᠲᠠᠭᠠᠬᠤ ᠢᠳᠡᠭᠡᠯ ᠵᠤᠷᠢᠭ ᠢ ᠨᠢ ᠬᠦᠪᠴᠢᠯᠡᠨ ᠮᠠᠯᠴᠢᠨ | ᠲᠦᠮᠡᠨ ᠢᠶᠠᠨ ᠲᠠᠶᠢᠴᠢᠯᠠᠨ ᠲᠠᠭᠠᠭᠤᠯᠵᠦ ᠵᠤᠯ ᠵᠢᠷᠭᠠᠯᠳᠦ ᠠᠮᠢᠳᠤᠷᠠᠯ ᠢᠶᠠᠨ ᠴᠤᠭᠴᠠᠯᠠᠬᠤ ᠦᠵᠡᠯᠳᠡ ᠶᠢ ᠨᠢ | ᠪᠠᠳᠤᠵᠢᠭᠤᠯᠵᠦ᠂ ᠤᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ | ᠤᠭᠳᠤᠬᠤ ᠪᠠᠷ ᠪᠤᠢ᠃ | | | | | | | | | |