ᠳᠠᠷᠬᠠᠨ ᠮᠤᠤᠮᠢᠩᠭᠠᠨ ᠬᠤᠰᠢᠭᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/18
     6 ᠰᠠᠷ᠎ᠠ ᠶᠢᠨ 13 ᠤ ᠡᠳᠦᠷ᠂ ᠳᠠᠷᠬᠠᠨ ᠮᠤᠤᠮᠢᠩᠭᠠᠨ ᠬᠤᠰᠢᠭᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ ᠶᠤᠸᠠᠨ  ᠱᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠪᠠᠭᠠᠨ᠎ᠠ ᠬᠤᠷᠠᠯ ᠢ ᠡᠷᠭᠢᠯᠠᠪᠠ᠃ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠲᠢᠶᠠᠨ ᠬᠤᠩ ᠬᠤᠤ ︽ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠰᠢᠯᠭᠠᠨ ᠦᠨᠡᠯᠡᠬᠦ ᠰᠢᠰᠲ᠋ᠧᠮ ᠤᠨ ᠠᠵᠢᠯᠯᠠᠭᠠᠨ ᠤ ᠭᠠᠷ ᠳᠡᠪᠲᠡᠷ︾ ᠤᠨ ᠲᠤᠬᠠᠶ ᠲᠠᠶᠢᠯᠤᠮᠵᠢ ᠬᠢᠪᠠ︔ ᠵᠠᠭᠤᠨ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠣᠪᠣᠷ ᠢᠶᠠᠨ ᠢᠯᠡᠳᠬᠡᠬᠦ ᠦᠭᠡ ᠬᠡᠯᠡᠪᠡ᠃ ᠵᠠᠩ ᠪᠠᠭᠠᠨ᠎ᠠ ᠣᠳᠣᠬᠠᠨ ᠤ ᠬᠤᠳᠠ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠨ ᠲᠤᠬᠠᠢ ᠴᠡᠭᠴᠡᠯᠡᠨ ᠰᠠᠶᠢᠵᠢᠷᠠᠭᠤᠯᠬᠤ ᠲᠤᠬᠢᠷᠠᠭᠤᠯᠤᠯᠳᠠ ᠬᠢᠵᠡᠢ᠃
     ᠬᠤᠷᠠᠯ ᠠᠴᠠ᠂ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠦᠭᠰᠢᠭᠦᠷᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠪᠠᠨ ᠥᠪᠡᠷ ᠢᠶᠠᠨ ᠪᠠᠶᠢᠴᠠᠭᠠᠵᠤ᠂ ᠴᠢᠷᠮᠠᠶᠢᠬᠤ ᠴᠢᠭᠯᠡᠯ ᠢᠶᠠᠨ ᠣᠨᠣᠪᠴᠢᠲᠠᠢ ᠣᠯᠵᠤ᠂ ᠯᠠᠪᠳᠠᠭᠤᠨ ᠪᠠᠲᠤᠲᠠᠢ ᠰᠤᠷᠲᠠᠯ ᠢᠶᠠᠷ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠴᠠᠭ ᠢ ᠠᠮᠵᠢᠵᠤ᠂ ᠬᠤᠳᠠ ᠶᠢ ᠴᠣᠭᠴᠠᠯᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠦᠷ᠎ᠡ ᠪᠦᠲᠦᠮᠵᠢᠲᠡᠢ ᠪᠠᠷ ᠪᠡᠶᠡᠯᠡᠭᠦᠯᠵᠦ᠂ ᠬᠤᠳᠠ ᠶᠢ ᠴᠣᠭᠴᠠᠯᠠᠨ ᠪᠠᠶᠢᠭᠤᠯᠬᠤ ᠠᠵᠢᠯ ᠢᠶᠠᠷ ᠭᠠᠷᠳᠠᠴᠠ ᠪᠣᠯᠭᠠᠵᠤ᠂ ᠣᠷᠴᠢᠨ ᠲᠣᠭᠤᠷᠢᠨ ᠭᠤᠶᠢᠳᠠ ᠰᠠᠶᠢᠬᠠᠨ᠂ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠠᠭᠠᠯᠠᠮᠵᠢᠲᠠᠢ᠂ ᠵᠣᠯ ᠵᠢᠷᠭᠠᠯ ᠲᠠᠢ ᠠᠮᠤᠷ ᠠᠮᠤᠭᠤᠯᠠᠩ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠳᠡᠭ  ᠲᠠᠷᠬᠠᠨ ᠮᠤᠤᠶᠢᠩᠭᠠᠨ ᠤ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃    
     ᠶᠤᠸᠠᠨ  ᠱᠦᠢ᠄ ᠡᠯ᠎ᠡ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠪᠣᠯᠪᠠᠰᠤᠨ ᠬᠤᠲᠠ ᠶᠢᠨ ᠰᠢᠯᠭᠠᠨ ᠦᠨᠡᠯᠡᠬᠦ ᠰᠢᠰᠲ᠋ᠧᠮᠵᠢ ᠶᠢᠨ ᠱᠠᠭᠠᠷᠳᠠᠯᠭ᠎ᠠ ᠲᠠᠢ ᠬᠠᠷᠢᠴᠠᠭᠤᠯᠵᠤ ᠂ ᠵᠣᠬᠢᠴᠠᠭᠤᠯᠬᠤ ᠶᠢ ᠠᠳᠬᠤᠵᠤ᠂ ᠬᠠᠲᠠᠭᠤ ᠬᠡᠷᠡᠭᠰᠡᠯ ᠢ ᠠᠳᠬᠤᠵᠤ᠂ ᠬᠠᠮᠢᠶᠠᠷᠤᠯᠲᠠ ᠶᠢ ᠠᠳᠬᠤᠵᠤ᠂ ᠪᠣᠭᠤᠮᠲᠠ ᠰᠢᠪᠲᠤᠯᠬᠤ ᠶᠢ ᠠᠳᠬᠤᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠨᠠᠷᠢᠯᠢᠬᠵᠢᠭᠤᠯᠵᠤ ᠯᠠᠪᠳᠠᠭᠤᠨ ᠪᠠᠲᠤᠲᠠᠶ ᠥᠷᠨᠢᠭᠦᠯᠵᠦ᠂ ᠬᠤᠲᠠ ᠶᠢᠨ ᠰᠠᠭᠤᠷᠢ ᠪᠡᠯᠡᠳᠬᠡᠮᠵᠢ ᠶᠢ ᠬᠦᠴᠦᠯᠡᠨ ᠲᠡᠭᠦᠯᠳᠡᠷᠵᠢᠭᠦᠯᠵᠦ᠂ ᠬᠤᠲᠠ ᠶᠢᠨ ᠪᠣᠯᠪᠠᠰᠤᠨ ᠡᠮᠬᠢ ᠳᠢᠭᠯᠢᠮ ᠢ ᠬᠦᠴᠦᠯᠡᠨ ᠳᠡᠭᠡᠭᠰᠢᠯᠡᠭᠦᠯᠵᠦ᠂ ᠪᠥᠬᠦ ᠠᠷᠠᠳ ᠤᠨ ᠥᠷᠭᠡᠨ ᠢᠶᠠᠷ ᠣᠷᠣᠯᠴᠠᠬᠤ ᠶᠢ ᠬᠦᠴᠦᠯᠡᠨ ᠳᠠᠶᠢᠴᠢᠯᠠᠬᠤ ᠬᠡᠷᠡᠭᠲᠡᠶ᠃      ᠶᠤᠸᠠᠨ  ᠱᠦᠢ ᠴᠢᠬᠤᠯᠠᠴᠢᠯᠠᠬᠤ ᠳᠠᠭᠠᠨ᠄ ᠡᠯ᠎ᠡ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠴᠢᠩᠭ᠎ᠠ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠪᠠᠲᠤ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠦᠳᠲᠡᠷ ᠲᠦᠷᠭᠡᠨ ᠬᠥᠳᠡᠯᠦᠯᠴᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ᠂ ᠲᠦᠷᠢᠮ ᠤᠨ ᠪᠠᠶᠢᠭᠤᠯᠤᠯᠲᠠ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠠᠬᠢᠭᠤᠯᠵᠤ᠂ ᠦᠵᠡᠯ ᠰᠠᠨᠠᠭ᠎ᠠ ᠪᠠᠨ ᠳᠡᠭᠡᠳᠦ ᠬᠡᠮᠵᠢ᠊ ᠡᠶ᠎ᠡ ᠪᠠᠷ ᠨᠢᠭᠡᠳᠬᠡᠵᠦ᠂ ᠠᠵᠢᠯ ᠤᠨ ᠬᠦᠴᠦᠨ ᠢᠶᠠᠨ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ᠂ ᠠᠷᠤ ᠭᠤᠳᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠤᠯᠠᠨ ᠲᠦᠮᠡᠨ ᠤ ᠲᠤᠰᠬᠠᠭᠰᠠᠨ ︽ᠪᠠᠴᠢᠮ ᠬᠦᠴᠢᠷ ᠵᠣᠪᠠᠭᠤᠷᠢ︾ ᠲᠥᠪᠯᠡᠷᠡᠭᠰᠡᠨ ᠭᠠᠵᠠᠷ ᠲᠤ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ︽ᠪᠦᠬᠦ ᠠᠷᠠᠳ ᠢᠶᠠᠷ ᠢᠶᠠᠨ ᠣᠷᠣᠯᠴᠠᠵᠤ᠂ ᠪᠦᠬᠦ ᠬᠤᠳᠠ ᠪᠠᠷ ᠢᠶᠠᠨ ᠬᠠᠮᠲᠤᠷᠠᠯᠴᠠᠬᠤ︾ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠰᠠᠯᠠᠭ᠎ᠠ ᠮᠥᠴᠢᠷ ᠤᠨ ᠬᠢᠨ ᠰᠠᠯᠠᠭ᠎ᠠ ᠮᠥᠴᠢᠷ ᠤᠨ ᠬᠠᠮᠲᠤᠷᠠᠯᠴᠠᠨ ᠬᠥᠳᠡᠯᠦᠯᠴᠡᠬᠦ ᠦᠢᠯᠡᠳᠦᠯ ᠢ ᠦᠨᠡᠨᠬᠦ ᠪᠠᠳᠠᠷᠠᠭᠤᠯᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠬᠤ ᠶᠢ ᠪᠡᠶᠡᠯᠡᠭᠦᠯᠵᠦ᠂ ᠭᠦᠶᠦᠯᠳᠦᠬᠦ᠂ ᠴᠠᠭ ᠢ ᠠᠮᠵᠢᠬᠤ᠂ ᠲᠡᠷᠢᠭᠦᠨ ᠤ ᠬᠢ ᠶᠢ ᠲᠡᠮᠡᠴᠡᠨ ᠤᠯᠬᠤ ᠪᠣᠳᠠᠲᠤ ᠠᠵᠢᠯᠯᠠᠭ᠎ᠠ ᠪᠠᠷ ᠢᠶᠠᠨ ᠬᠤᠳᠠ ᠶᠢ ᠡᠭᠦᠳᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号