ᠵᠢᠶᠠ ᠪᠦᠦ ᠯᠢᠶᠠᠩ ᠮᠠᠨ ᠤ ᠬᠤᠰᠢᠭᠤᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/6/18

     6 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠷᠢᠳ ᠬᠤᠵᠢᠳ ᠥᠪᠥᠷ ᠮᠣᠩᠭᠤᠯ ᠤᠨ ᠭᠤᠸᠠᠩ ᠾᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠳᠠᠷᠬᠠᠨ ᠮᠤᠤᠮᠢᠩᠭᠠᠨ ᠬᠤᠰᠢᠭᠤᠨ ᠤ ᠰᠢᠨ ᠪᠦᠦ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ᠂  ᠲᠠᠷᠠᠬᠨ ᠮᠤᠤᠮᠢᠩᠭᠠᠨ  ᠪᠠ ᠷᠦᠨ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ᠂ ᠳᠠᠷᠬᠠᠨ ᠮᠤᠤᠮᠢᠩᠭᠠᠨ ᠬᠤᠰᠢᠭᠤᠨ ᠤ ᠰᠢᠨ ᠪᠦᠦ ᠰᠦᠨ ᠣᠪᠣᠭᠲᠤ ᠶᠢᠨ ᠲᠡᠮᠦᠷ ᠤᠨ ᠠᠭᠤᠷᠬᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ᠂ ᠮᠠᠨ ᠤ ᠬᠤᠰᠢᠭᠤᠨ ᠤ ᠠᠵᠤ ᠠᠬᠤᠶᠢᠯᠠᠯ ᠤᠨ ᠡᠵᠡᠩᠨᠡᠯᠲᠡ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃
      ᠬᠦᠷᠦᠭᠰᠡᠨ ᠭᠠᠵᠠᠷ ᠪᠣᠯᠭᠠᠨ ᠳᠤ ᠵᠢᠶᠠ ᠪᠦᠦ ᠯᠢᠶᠠᠩ ᠠᠵᠤ ᠠᠬᠤᠶᠢᠯᠠᠯ ᠤᠨ ᠣᠳᠣᠬᠢ ᠪᠠᠶᠢᠳᠠᠯ᠂ ᠦᠢᠯᠡᠳᠪᠦᠷᠢᠯᠡᠯ ᠤᠨ ᠬᠡᠪᠴᠢᠶ᠎ᠡ᠂ ᠠᠵᠢᠯᠲᠠᠨ ᠤ ᠲᠥᠬᠦᠭᠡᠷᠦᠮᠵᠢ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠠᠰᠠᠭᠤᠳᠠᠭ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠳᠠᠷᠬᠠᠨ ᠮᠤᠤᠮᠢᠩᠭᠠᠨ ᠬᠤᠰᠢᠭᠤᠨ ᠤ ᠰᠢᠨ ᠪᠦᠦ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠳᠤ᠂ ᠵᠢᠶᠠ ᠪᠦᠦ ᠯᠢᠶᠠᠩ ᠲᠤᠮᠤ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤ ᠳᠣᠣᠷ᠎ᠠ ᠢᠷᠡᠵᠤ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠡᠷᠭᠡᠵᠢᠯ ᠤᠨ ᠶᠠᠪᠤᠴᠠ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠠᠢ︔ ᠪᠠᠷᠠᠭᠤᠨ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠵᠢᠶᠠ ᠪᠦᠦ ᠯᠢᠶᠠᠩ ᠠᠭᠤᠷᠬᠠᠢ ᠮᠠᠯᠲᠠᠬᠤ ᠲᠠᠯᠠᠪᠠᠢ᠂ ᠬᠦᠳᠡᠷ ᠰᠢᠯᠢᠬᠦ ᠦᠢᠯᠡᠳᠪᠦᠷᠢ ᠶᠢᠨ ᠲᠠᠰᠤᠭ ᠲᠤ ᠭᠦᠨᠵᠡᠭᠡᠶᠢᠷᠡᠵᠦ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠠᠵᠤ ᠠᠬᠤᠶᠢᠯᠠᠯ ᠢ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠢ ᠠᠬᠢᠭᠤᠯᠬᠤ ᠬᠤᠷᠳᠤᠴᠠ ᠪᠠᠨ ᠲᠦᠷᠭᠡᠳᠬᠡᠵᠦ᠂ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠲᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃
      ᠵᠢᠶᠠ ᠪᠦᠦ ᠯᠢᠶᠠᠩ᠂ ᠡᠯ᠎ᠡ ᠠᠵᠤ ᠠᠬᠤᠶᠢᠯᠠᠯ ᠤᠨ ᠰᠠᠯᠠᠭ᠎ᠠ ᠮᠥᠴᠢᠷ ᠤᠨ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠠᠵᠤ ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠯᠤᠯᠴᠠᠨ ᠵᠣᠬᠢᠴᠠᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠬᠦᠯᠢᠴᠡᠩᠭᠦᠢ ᠨᠠᠷᠢᠨ ᠨᠢᠮᠪᠠᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠪᠡᠯᠡ ᠮᠥᠩᠭᠦᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠶᠢ ᠱᠠᠯᠠᠪᠳᠠᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠤ ᠴᠡᠭᠴᠡᠯᠡᠨ ᠵᠠᠰᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃
      ᠬᠤᠰᠢᠭᠤᠨ ᠤ ᠤᠳᠤᠷᠢᠳᠤᠯᠭ᠎ᠠ ᠸᠠᠩ ᠯᠢ ᠵᠢᠶᠦ᠋ᠨ᠂ ᠵᠢᠶ ᠴᠢᠤᠸᠠᠨ ᠵᠦ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号