ᠵᠢᠶᠠ ᠪᠦᠦ ᠯᠢᠶᠠᠩ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/6/21
     6 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠷᠢᠳ ᠬᠤᠵᠢᠳ ᠬᠤᠸᠠᠩ ᠬᠤᠸᠠ ᠲᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠳ᠋ᠧ ᠪᠢᠶᠤᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠪᠠᠢ ᠵᠢᠢ ᠠᠮᠤ ᠳᠤᠰᠤᠨ ᠤ ᠬᠤᠷᠰᠢᠶ᠎ᠠ᠂ ᠱᠢ ᠪᠦᠦ ᠪᠠᠯᠭᠠᠰᠤ ᠶᠢᠨ ᠬᠤᠩ ᠱᠠᠨ ᠽᠢ ᠲᠣᠰᠬᠤᠨ ᠤ ᠵᠥᠪᠯᠡᠯ᠂ ᠳᠠᠷᠬᠠᠨ ᠮᠤᠤᠮᠢᠩᠭᠠᠨ ᠬᠤᠰᠢᠭᠤᠨ ᠤ ᠲᠢᠶᠠᠨ ᠴᠤᠸᠠᠩ ᠬᠢᠲᠠᠳ ᠡᠮ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠸᠧ ᠯᠢᠦᠶ ᠠᠮᠢ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠧᠩ ᠶᠠᠩ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠡᠢ᠃ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
      ᠬᠦᠷᠦᠭᠰᠡᠨ ᠭᠠᠵᠠᠷ ᠪᠣᠯᠭᠠᠨ ᠳᠤ ᠵᠢᠶᠠ ᠪᠦᠦ ᠯᠢᠶᠠᠩ ᠲᠥᠷᠥᠯ ᠵᠦᠶ᠋ᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠦᠶ᠋ᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠥᠭᠵᠢᠯᠲᠡ ᠪᠠ ᠮᠠᠯᠵᠢᠬᠤ ᠲᠠᠷᠢᠶᠠᠯᠠᠬᠤ ᠣᠷᠣᠨ ᠤ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠠᠶ᠃
      ᠵᠢᠶᠠ ᠪᠦᠦ ᠯᠢᠶᠠᠩ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠤᠢᠢᠯᠠᠭᠠᠭᠳᠠᠬᠤᠨ ᠵᠠᠭᠪᠤᠷ ᠤᠨ ᠰᠢᠨ᠎ᠡ ᠶᠢ ᠡᠭᠦᠳᠴᠦ ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠠᠮᠢᠳᠤᠯᠢᠭᠵᠢᠭᠤᠯᠵᠤ᠂ ᠬᠠᠮᠲᠤ ᠶᠢᠨ ᠠᠵᠤ ᠠᠬᠤᠢ ᠶᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠬᠠᠮᠲᠤᠪᠠᠷ ᠪᠠᠶᠠᠵᠢᠭᠤᠯᠬᠤ ᠬᠡᠷᠡᠭᠲᠡᠢ᠃ ᠠᠮᠢ ᠠᠬᠤᠢ ᠶᠢᠨ ᠳᠠᠩᠰᠠ᠂ ᠠᠵᠤ ᠠᠬᠤᠢ ᠶᠢᠨ ᠳᠠᠩᠰᠠ ᠪᠣᠯᠤᠨ ᠠᠷᠠᠳ ᠢ ᠪᠠᠶᠠᠵᠢᠭᠤᠯᠬᠤ ᠳᠠᠩᠰᠠ ᠶᠢ ᠰᠠᠶᠢᠲᠤᠷ ᠪᠤᠳᠤᠵᠤ᠂ ᠨᠢᠮᠪᠠᠢ ᠵᠡᠷᠭᠡ ᠠᠮᠢ ᠠᠬᠤᠢ ᠶᠢᠨ ᠡᠬᠢ ᠪᠠᠶᠠᠯᠢᠭ ᠤᠨ ᠦᠷᠳᠡᠭ ᠢ ᠭᠦᠨᠵᠡᠭᠡᠢ ᠵᠠᠳᠠᠯᠤᠨ ᠰᠤᠳᠤᠯᠵᠤ᠂ ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠢᠢᠵᠢᠯᠳᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠪᠦᠳᠦᠬᠡᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯᠲᠠ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠣᠲᠣ ᠶᠢᠨ ᠪᠠᠶᠢᠭ᠎ᠠ ᠠᠵᠤ ᠦᠶ᠋ᠯᠡᠰ ᠤᠨ ᠰᠠᠭᠤᠷᠢ ᠳᠤ ᠰᠠᠭᠤᠷᠢᠯᠠᠨ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠳᠣᠪᠤᠶᠢᠯᠭᠠᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠪᠣᠬᠢᠷᠲᠤᠯ ᠥᠬᠡᠶ᠂ ᠴᠢᠨᠠᠷ ᠰᠠᠶᠢᠲᠠᠶ ᠳᠠᠷᠢᠵᠤ ᠲᠡᠵᠢᠭᠡᠨ ᠦᠷᠡᠵᠢᠭᠦᠯᠬᠦ ᠶᠢ ᠪᠠᠷᠢᠮᠲᠠᠯᠠᠵᠤ᠂ ᠨᠢᠭᠡ ᠪᠦᠯᠦᠭ ᠪᠥᠬᠦ ᠬᠤᠲᠠ᠂ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠨᠠᠷᠠᠲᠤ ᠳᠡᠭᠡᠳᠦ ᠲᠠᠰ ᠤᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠰᠠᠭᠤᠷᠢᠨ ᠭᠠᠵᠠᠷ ᠤᠨ ᠭᠡᠷᠡᠴᠢᠯᠡᠯ᠂ ᠨᠠᠷᠠᠲᠤ ᠲᠥᠷᠥᠯ ᠲᠡᠮᠳᠡᠭᠲᠦ ᠶᠢᠨ ᠭᠡᠷᠡᠴᠢᠯᠡᠯ ᠢ ᠥᠷᠨᠢᠭᠦᠯᠵᠦ᠂ ᠭᠠᠷᠤᠯᠲᠠ ᠪᠠᠨ ᠨᠡᠮᠡᠭᠳᠡᠭᠦᠯᠦᠨ ᠠᠰᠢᠭ ᠣᠯᠵᠠᠪᠤᠷᠢ ᠤᠯᠬᠤ ᠶᠢ ᠪᠡᠶᠡᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠪᠣᠯᠪᠠᠰᠤᠷᠠᠯ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠲᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠬᠤ᠂ ᠠᠵᠤ ᠠᠬᠤᠶᠢᠯᠠᠯ ᠳᠤ ᠦᠢᠯᠡᠴᠢᠯᠡᠬᠦ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢ ᠡᠭᠦᠳᠬᠦ ᠡᠷᠡᠭᠦᠯ ᠬᠠᠮᠠᠭᠠᠯᠠᠯ ᠢ ᠡᠭᠦᠳᠬᠦ ᠠᠵᠢᠯ ᠲᠠᠢ ᠤᠶᠠᠯᠳᠤᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠬᠡᠷᠡᠭᠲᠡᠢ᠃
      ᠬᠤᠰᠢᠭᠤᠨ ᠤ ᠤᠳᠤᠷᠢᠳᠤᠯᠭ᠎ᠠ ᠸᠠᠩ ᠯᠢ ᠵᠢᠶᠦ᠋ᠨ᠂  ᠮᠦᠩᠬᠡᠪᠠᠭᠠᠳᠤᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号