ᠵᠢᠶᠠ ᠪᠦᠦ ᠯᠢᠶᠠᠩ ᠮᠠᠨ ᠤ ᠬᠤᠰᠢᠭᠤᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠬᠤᠲᠠ ᠪᠠᠶᠢᠭᠤᠯᠵᠤ ᠡᠷᠡᠭᠦᠯ ᠬᠠᠮᠠᠭᠠᠯᠠᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/6/21
      6 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠷᠢᠳ ᠬᠤᠵᠢᠳ ᠪᠠᠲᠤᠬᠠᠭᠠᠯᠭ᠎ᠠ ᠪᠠᠯᠭᠠᠰᠤᠨ ᠤ ᠪᠠᠶᠠᠨᠵᠡᠭᠦᠨ ᠪᠠᠭ᠎ᠠ ᠲᠣᠭᠤᠷᠢᠭ᠂ ᠤᠯᠠᠭᠠᠨ ᠲᠠᠯ᠎ᠠ ᠬᠡᠤᠬᠡᠳ ᠤᠨ ᠴᠡᠴᠡᠷᠯᠢᠭ᠂ ᠵᠠᠭᠤᠴᠢᠯᠠᠭᠤᠷ ᠤᠨ ᠲᠥᠪ᠂ ᠲᠣᠭᠯᠠᠯᠲᠠ ᠶᠢᠨ ᠤᠷᠠᠯᠢᠭ ᠤᠨ ᠲᠥᠪ᠂ ᠮᠦᠽᠧᠶ᠂ ᠪᠠᠲᠤᠬᠠᠭᠠᠯᠭ᠎ᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠶ᠋ᠳᠪᠦᠷᠢᠯᠡᠬᠦ ᠦᠶ᠋ᠯᠡᠳᠪᠦᠷᠢ ᠪᠠ ᠪᠸᠢ ᠴᠧᠨ ᠪᠠᠭ᠎ᠠ ᠲᠣᠭᠤᠷᠢᠭ ᠲᠤ ᠭᠦᠨᠵᠡᠭᠡᠶᠢᠷᠡᠵᠦ᠂ ᠮᠠᠨ ᠤ ᠬᠤᠰᠢᠭᠤᠨ ᠤ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ᠂ ᠵᠠᠮ ᠤᠨ ᠥᠭᠡᠷᠡᠴᠢᠯᠡᠯᠲᠡ᠂ ᠰᠣᠶᠣᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠵᠢᠴᠢ ᠠᠮᠢᠳᠤᠷᠠᠯ ᠤᠨ ᠪᠣᠬᠢᠷ ᠤᠰᠤ ᠶᠢ ᠰᠢᠶ᠋ᠳᠪᠦᠷᠢᠯᠡᠭᠰᠡᠨ᠂ ᠬᠤᠲᠠ ᠪᠠᠯᠭᠠᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠪᠠᠶᠠᠨᠵᠡᠭᠦᠨ ᠪᠠᠭ᠎ᠠ ᠲᠣᠭᠤᠷᠢᠭ ᠲᠤ᠂ ᠵᠢᠶᠠ ᠪᠦᠦ ᠯᠢᠶᠠᠩ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢᠨ ᠲᠦᠷᠦᠯ ᠵᠦᠢᠯ ᠤᠨ ᠠᠬᠢᠴᠠ᠂ ᠥᠭᠡᠷᠡᠴᠢᠯᠡᠯᠲᠡ ᠶᠢᠨ ᠠᠭᠤᠯᠭ᠎ᠠ᠂ ᠲᠥᠯᠥᠪᠵᠢᠭᠦᠯᠭᠡ ᠵᠢᠴᠢ ᠪᠡᠯᠡ ᠮᠥᠩᠭᠦᠨ ᠤ ᠢᠷᠡᠯᠲᠡ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠣᠯᠤᠨ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠲᠦᠷᠭᠡᠨ ᠠᠬᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠴᠢᠨᠠᠷ ᠰᠠᠶᠢᠲᠠᠢ ᠪᠡᠶᠡᠯᠡᠭᠦᠯᠵᠦ᠂ ᠬᠤᠳᠠ ᠶᠢᠨ ᠰᠢᠨᠡᠴᠢᠯᠡᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠳᠠ ᠪᠠᠯᠭᠠᠰᠤᠨ ᠤ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠭ᠎ᠠ ᠲᠣᠭᠤᠷᠢᠭ ᠢ ᠨᠡᠶᠢᠳᠬᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠨ᠎ᠡ ᠮᠠᠶ᠋ᠢᠭ ᠤᠨ ᠤᠶᠤᠨᠲᠤ ᠨᠡᠶᠢᠭᠡᠮ ᠲᠣᠭᠤᠷᠢᠭ ᠢ ᠪᠠᠶᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠶᠤᠨᠲᠤ ᠬᠤᠲᠠ ᠪᠠᠯᠭᠠᠰᠤ ᠶᠢ ᠪᠦᠳᠦᠭᠡᠨ ᠪᠠᠶᠢᠭᠤᠯᠵᠤ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃      ᠬᠤᠩ ᠭᠧ ᠲᠠ ᠬᠡᠦᠬᠡᠳ ᠤᠨ ᠴᠡᠴᠡᠷᠯᠢᠭ ᠤᠨ ᠡᠭᠦᠳᠡᠨ ᠳᠤ᠂ ᠵᠢᠶᠠ ᠪᠦᠦ ᠯᠢᠶᠠᠩ ᠵᠠᠮ ᠬᠠᠷᠢᠯᠴᠠᠭ᠎ᠠ ᠵᠢᠴᠢ ᠠᠮᠤᠷ ᠲᠦᠪᠰᠢᠨ ᠡᠷᠡᠭᠦᠯ ᠬᠠᠮᠠᠭᠠᠯᠠᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠱᠠᠭᠠᠷᠳᠠᠭᠰᠠᠨ ᠨᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠬᠡᠤᠬᠡᠳ ᠤᠨ ᠴᠡᠴᠡᠷᠯᠢᠭ ᠤᠨ ᠡᠷᠬᠢᠨ ᠲᠣᠭᠤᠷᠢᠨ ᠤ ᠬᠤᠭᠤᠰᠣᠨ ᠭᠠᠵᠠᠷ ᠢ ᠨᠢᠭᠡᠳᠦᠯᠲᠡᠶ ᠲᠥᠯᠥᠪᠵᠢᠭᠦᠯᠦᠨ ᠴᠡᠭᠴᠡᠯᠡᠨ ᠵᠠᠰᠠᠵᠤ᠂ ᠵᠣᠨ ᠤ ᠠᠮᠠᠷᠠᠯᠲᠠ ᠶᠢ ᠱᠠᠯᠠᠪᠳᠠᠨ ᠠᠰᠢᠭᠯᠠᠵᠤ ᠡᠭᠦᠳᠡᠨ ᠡᠮᠦᠨᠡᠬᠢ ᠵᠠᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠩᠭᠠᠬᠤ ᠬᠡᠷᠡᠭᠲᠡᠶ᠃ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠭᠤᠯᠢ ᠶᠢᠨ ᠲᠡᠷᠭᠡ ᠶᠢᠨ ᠬᠠᠮᠢᠶᠠᠷᠤᠯᠲᠠ ᠶᠢᠨ ᠲᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠲᠡᠷᠭᠡ ᠶᠢᠨ ᠡᠷᠡᠭᠦᠯ ᠪᠥᠭᠡᠳ ᠲᠣᠭᠲᠠᠭᠤᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯ ᠬᠤᠲᠠ ᠪᠠᠶᠢᠭᠤᠯᠵᠤ ᠡᠷᠡᠭᠦᠯ ᠬᠠᠮᠠᠭᠠᠯᠠᠯ ᠢ ᠴᠣᠭᠴᠠᠯᠠᠬᠤ ᠶᠢᠨ ᠴᠢᠬᠤᠯᠠ ᠠᠭᠤᠯᠭ᠎ᠠ ᠮᠥᠨ᠂ ᠪᠠᠰᠠ ᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠢᠭᠤᠯᠴᠢᠯᠠᠯ ᠤᠨ ᠳᠦᠷᠢ ᠲᠥᠷᠬᠦ ᠶᠢ ᠳᠡᠭᠡᠭᠰᠢᠯᠡᠭᠦᠯᠬᠦ ᠶᠢᠨ ᠲᠤᠯᠭᠠᠮ᠎ᠠ ᠱᠠᠭᠠᠷᠳᠠᠯᠭ᠎ᠠ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠠᠲᠤᠳᠬᠠᠨ᠂ ᠡᠩ ᠤᠨ ᠴᠠᠭ ᠲᠠᠭᠠᠨ ᠬᠦᠴᠦ ᠣᠷᠣᠭᠤᠯᠵᠤ᠂ ᠠᠵᠢᠯ ᠢᠶᠠᠨ ᠡᠳᠦᠷ ᠲᠤᠲᠤᠮ ᠤᠨ ᠠᠵᠢᠯ ᠳᠠᠭᠠᠨ ᠠᠳᠬᠤᠵᠤ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠂ ︽ᠭᠡᠨᠡᠳᠲᠡ ᠶᠢᠨ ᠮᠠᠶ᠋ᠢᠭ ᠢᠶᠠᠷ ᠴᠡᠭᠴᠡᠯᠡᠨ ᠵᠠᠰᠠᠬᠤ︾ ᠶᠢ ︽ᠪᠠᠶᠢᠩᠭᠤ ᠶᠢᠨ ᠬᠠᠮᠢᠶᠠᠷᠤᠯᠲᠠ︾ ᠪᠣᠯᠭᠠᠨ ᠬᠤᠪᠢᠷᠠᠭᠤᠯᠬᠤ ᠬᠡᠷᠡᠭᠲᠡᠶ᠃
      ᠵᠢᠶᠠ ᠪᠦᠦ ᠯᠢᠶᠠᠩ ᠪᠠᠰᠠ ᠤᠯᠠᠨ ᠨᠡᠶᠢᠲᠡ ᠶᠢᠨ ᠰᠣᠶᠣᠯ ᠤᠨ ᠲᠥᠪ ᠲᠤ ᠬᠦᠷᠴᠦ᠂ ᠵᠠᠭᠤᠴᠢᠯᠠᠭᠤᠷ ᠤᠨ ᠲᠥᠪ᠂ ᠲᠣᠭᠯᠠᠯᠲᠠ ᠶᠢᠨ ᠤᠷᠠᠯᠢᠭ ᠤᠨ ᠲᠥᠪ᠂ ᠮᠦᠽᠧᠢ ᠵᠡᠷᠭᠡ ᠰᠣᠶᠣᠯ ᠤᠨ ᠲᠠᠯᠠᠪᠤᠷ ᠲᠤ ᠣᠷᠣᠵᠤ᠂ ᠰᠣᠶᠣᠯ ᠤᠨ ᠲᠠᠯᠠᠪᠤᠷ ᠤᠨ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠪᠣᠯᠤᠨ ᠬᠡᠷᠡᠭᠯᠡᠯᠲᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠵᠠᠭᠤᠴᠢᠯᠠᠭᠤᠷ ᠤᠨ ᠲᠥᠪ ᠲᠤ᠂ ᠲᠡᠷᠡ ᠲᠣᠭᠯᠠᠯᠲᠠ ᠨᠡᠪᠲᠡᠷᠡᠭᠦᠯᠭᠡ ᠶᠢᠨ ᠲᠢᠩᠬᠢᠮ ᠪᠣᠯᠤᠨ ᠦᠢᠯᠡᠰ ᠪᠤᠰᠬᠠᠬᠤ ᠬᠦᠷᠢᠶᠡᠯᠡᠩ ᠲᠣᠭᠤᠷᠢᠭ ᠢᠶᠠᠷ ᠲᠣᠭᠤᠷᠢᠨ ᠦᠵᠡᠵᠦ᠂ ᠬᠠᠮ ᠵᠠᠭᠤᠴᠢᠯᠠᠭᠤᠷ ᠤᠨ ᠲᠥᠪ ᠤᠨ ᠣᠬᠤᠷ ᠸᠢᠳᠢᠣ᠋ ᠶᠢᠨ ᠪᠦᠲᠦᠭᠡᠯ ᠢ ᠦᠵᠡᠭᠰᠡᠨ ᠪᠥᠭᠡᠳ ᠥᠨᠳᠥᠷ ᠦᠨᠡᠯᠡᠯᠲᠡ ᠥᠭᠴᠡᠢ᠃ ᠵᠢᠶᠠ ᠪᠦᠦ ᠯᠢᠶᠠᠩ ᠱᠠᠭᠠᠷᠳᠠᠭᠰᠠᠨ ᠨᠢ᠂ ᠬᠠᠮ ᠵᠠᠭᠤᠴᠢᠯᠠᠭᠤᠷ ᠤᠨ ᠪᠠᠶᠢᠭᠤᠯᠤᠯᠲᠠ ᠪᠣᠯᠤᠨ ᠰᠣᠶᠣᠯ ᠵᠤᠭᠠᠴᠠᠯ ᠤᠨ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠲᠠᠪᠴᠠᠩ ᠤᠨ ᠠᠭᠤᠰᠤᠯᠴᠠᠯ᠂ ᠠᠭᠤᠯᠭ᠎ᠠ ᠶᠢᠨ ᠨᠡᠶᠢᠯᠡᠯᠲᠡ ᠶᠢ ᠠᠬᠢᠭᠤᠯᠵᠤ᠂ ᠳᠠᠮᠵᠢᠭᠤᠯᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠳᠦᠯᠦᠨ ᠵᠢᠯᠣᠭᠤᠳᠬᠤ ᠬᠦᠴᠦᠨ ᠢ ᠪᠠᠳᠠᠷᠠᠭᠤᠯᠵᠤ᠂ ᠨᠥᠯᠥᠭᠡᠯᠡᠬᠦ ᠬᠦᠴᠦᠨ ᠢ ᠥᠷᠭᠡᠳᠬᠡᠵᠦ᠂ ᠤᠯᠠᠨ ᠢ ᠢᠲᠡᠭᠡᠭᠦᠯᠬᠦ ᠬᠦᠴᠦᠨ ᠢ ᠪᠤᠢ ᠪᠣᠯᠭᠠᠬᠤ ᠬᠡᠷᠡᠭᠲᠡᠢ᠃ ᠮᠠᠨ ᠤ ᠬᠤᠰᠢᠭᠤᠨ ᠤ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠡᠯ᠎ᠡ ᠰᠤᠮᠤ ᠰᠢᠶᠠᠩ ᠪᠠᠯᠭᠠᠰᠤᠨ ᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠲᠠᠭᠤᠨ ᠢ ᠬᠠᠮᠤᠭ ᠤᠨ ᠦᠨᠳᠦᠰᠦᠨ ᠱᠠᠲᠤᠨ ᠳᠤ ᠳᠠᠮᠵᠢᠭᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤᠨ ᠳᠣᠲᠣᠷᠠᠬᠢ ᠠᠯᠪᠠᠨ ᠤ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠤᠨ ᠪᠠᠶᠢᠭᠤᠯᠤᠯᠲᠠ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠠᠮᠢᠶᠠᠷᠴᠤ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ ᠂ ᠶᠠᠷᠢᠶ᠎ᠠ ᠬᠡᠯᠡᠯᠴᠡᠭᠡᠨ ᠤ ᠲᠡᠶᠢᠨ ᠢ ᠰᠠᠶᠢᠲᠤᠷ ᠬᠢᠵᠦ᠂ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠬᠤ ᠬᠡᠷᠡᠭᠲᠡᠶ᠃
      ᠲᠡᠷᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠤᠭᠠᠴᠠᠯ ᠤᠨ ᠡᠬᠢ ᠪᠠᠶᠠᠯᠢᠭ ᠡᠯᠪᠡᠭ ᠳᠡᠯᠪᠡᠭ᠂ ᠤᠨᠴᠠᠯᠢᠬᠳᠤ ᠰᠣᠶᠣᠯ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠵᠤ᠂ ᠥᠪᠡᠷᠲᠡᠭᠡᠨ ᠵᠠᠰᠠᠬᠤ ᠣᠷᠣᠨ ᠤ ᠵᠤᠨ ᠤ ᠤᠯᠠᠷᠢᠯ ᠤᠨ ᠵᠤᠭᠠᠴᠠᠯ ᠤᠨ ᠨᠠᠭᠠᠳᠤᠮ ᠤᠨ ᠬᠤᠷᠠᠯ ᠢ ᠳᠠᠭᠠᠭᠠᠴᠢᠯᠠᠨ ᠡᠷᠬᠢᠯᠡᠬᠦ ᠬᠤᠪᠣᠷ ᠨᠠᠨᠳᠢᠨ ᠠᠵᠠ ᠲᠣᠬᠢᠶᠠᠯ ᠢ ᠴᠢᠩᠭ᠎ᠠ ᠠᠳᠬᠤᠵᠤ᠂ ᠵᠤᠭᠠᠴᠠᠯ ᠤᠨ ᠰᠠᠭᠤᠷᠢ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠵᠤᠭᠠᠴᠠᠯ ᠤᠨ ᠲᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠦᠯᠡᠳᠡᠭᠡᠯ ᠬᠡᠷ ᠪᠠᠶᠢᠰᠢᠩ ᠢ ᠭᠦᠶ᠋ᠴᠡᠳ ᠠᠰᠢᠭᠯᠠᠨ᠂ ᠰᠤᠯᠠ ᠪᠠᠶᠢᠭ᠎ᠠ ᠠᠷᠠᠳ ᠤᠨ ᠣᠷᠣᠨ ᠰᠠᠭᠤᠴᠠ ᠶᠢ ᠠᠮᠢᠯᠠᠭᠤᠯᠵᠤ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠬᠥᠭᠵᠢᠭᠦᠯᠬᠦ ᠶᠢ ᠵᠣᠷᠢᠭᠵᠢᠭᠤᠯᠤᠨ᠂ ᠡᠳ᠋ ᠬᠥᠷᠥᠩᠭᠡ ᠶᠢᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠨᠴᠠᠯᠢᠭᠳᠤ ᠡᠬᠢ ᠪᠠᠶᠠᠯᠢᠭ ᠢ ᠭᠦᠨ ᠠᠭᠤᠳᠠᠯᠵᠤ᠂ ᠳᠠᠷᠬᠠᠨ ᠮᠤᠤ ᠶᠢᠨ ᠥᠯᠢᠭᠡᠷ ᠢ ᠰᠠᠶᠢᠲᠤᠷ ᠶᠠᠷᠢᠵᠤ᠂ ᠳᠠᠷᠬᠠᠨ ᠮᠤᠤ ᠶᠢᠨ ᠨᠠᠷᠠᠲᠤ ᠲᠡᠮᠳᠡᠭᠲᠦ ᠶᠢ ᠡᠭᠦᠳᠴᠦ᠂ ᠵᠢᠭᠤᠯᠴᠢᠯᠠᠯ ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃      ᠳᠠᠷᠠᠭ᠎ᠠ ᠨᠢ᠂ ᠵᠢᠶᠠ ᠪᠦᠦ ᠯᠢᠶᠠᠩ ᠨᠠᠷ ᠪᠠᠲᠤᠬᠠᠭᠠᠯᠭ᠎ᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠪᠣᠬᠢᠷ ᠤᠰᠤ ᠰᠢᠢᠳᠪᠦᠷᠢᠯᠡᠬᠦ ᠶᠠᠪᠤᠴᠠ ᠵᠢᠴᠢ ᠪᠠᠷᠢᠮᠵᠢᠶ᠎ᠠ ᠶᠢ ᠨᠠᠷᠢᠨ ᠠᠰᠠᠭᠤᠨ ᠯᠠᠪᠯᠠᠵᠤ᠂ ᠰᠢᠢᠳᠪᠦᠷᠢᠯᠡᠬᠦ ᠶᠠᠪᠤᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠷᠣᠵᠤ ᠭᠠᠷᠬᠤ ᠤᠰᠤᠨ ᠤ ᠴᠢᠨᠠᠷ᠂ ᠤᠰᠤᠨ ᠤ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠪᠣᠬᠢᠷ ᠤᠰᠤ ᠶᠢ ᠵᠠᠰᠠᠬᠤ ᠪᠣᠯ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠴᠢᠬᠤᠯᠠ ᠠᠭᠤᠯᠭ᠎ᠠ ᠮᠥᠨ᠂ ᠡᠷᠬᠡᠪᠰᠢ ᠠᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠲᠤᠰᠬᠠᠶ ᠵᠠᠰᠠᠯᠲᠠ ᠪᠠ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷ ᠤᠰᠤ ᠶᠢ ᠰᠢᠶ᠋ᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃
      ᠪᠸᠢ ᠴᠧᠨ ᠪᠠᠭ᠎ᠠ ᠲᠣᠭᠤᠷᠢᠭ ᠲᠤ᠂ ᠵᠢᠶᠠ ᠪᠦᠦ ᠯᠢᠶᠠᠩ ᠵᠠᠮ ᠤᠨ ᠲᠥᠬᠦᠭᠡᠷᠦᠮᠵᠢ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠤᠨ ᠪᠠᠶᠢᠳᠠᠯ ᠢ ᠪᠠᠶᠢᠴᠠᠭᠠᠨ ᠦᠵᠡᠵᠦ᠂ ᠵᠦᠢ ᠵᠣᠬᠢᠰᠲᠠᠢ ᠲᠥᠯᠥᠪᠵᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠨᠢᠭᠡᠪᠦᠷᠢ ᠶᠢ ᠰᠠᠶᠢᠲᠤᠷ ᠠᠰᠢᠭᠯᠠᠵᠤ᠂ ᠪᠣᠳᠠᠲᠠᠢ ᠭᠠᠵᠠᠷ ᠤᠨ ᠨᠥᠬᠦᠴᠡᠯ ᠢ ᠦᠨᠳᠦᠰᠦᠯᠡᠨ ᠵᠢᠵᠢᠭ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠤᠭᠤᠲᠠ ᠴᠡᠴᠡᠷᠯᠢᠭ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠰᠠᠶᠢᠵᠢᠷᠠᠭᠤᠯᠵᠤ᠂ ᠠᠷᠢᠭᠤᠨ ᠴᠡᠪᠡᠷ᠂ ᠠᠷᠢᠭᠤᠨ ᠴᠡᠪᠡᠷ᠂ ᠡᠮᠬᠢ ᠳᠢᠭᠯᠢᠮ ᠲᠠᠢ᠂ ᠦᠵᠡᠰᠬᠦᠯᠡᠩᠲᠦ ᠰᠠᠶᠢᠬᠠᠨ ᠬᠤᠳᠠ ᠪᠠᠯᠭᠠᠰᠤᠨ ᠤ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃      ᠬᠤᠰᠢᠭᠤᠨ ᠤ ᠤᠳᠤᠷᠢᠳᠤᠯᠭ᠎ᠠ ᠵᠠᠩᠪᠠᠭᠠᠨ᠎ᠠ᠂ ᠸᠠᠩ ᠯᠢ ᠵᠢᠶᠦ᠋ᠨ᠂ ᠶᠠᠩ ᠶᠠᠩ᠂ ᠬᠡᠷᠡᠯ᠎ᠡ ᠵᠢᠴᠢ ᠬᠠᠮᠢᠶ᠎ᠠ ᠪᠥᠬᠦᠶ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号