ᠳᠠᠷᠬᠠᠨ ᠮᠤᠤᠮᠢᠩᠭᠠᠨ ᠬᠤᠰᠢᠭᠤ ᠠᠮᠤᠷ ᠲᠦᠪᠰᠢᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠲᠤᠰᠬᠠᠶ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/21
      6 ᠰᠠᠷ᠎ᠠ ᠶᠢᠨ 17 ᠤ ᠡᠳᠦᠷ᠂ ᠳᠠᠷᠬᠠᠨ ᠮᠤᠤᠮᠢᠩᠭᠠᠨ ᠬᠤᠰᠢᠭᠤ ᠠᠮᠤᠷ ᠲᠦᠪᠰᠢᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠲᠤᠰᠬᠠᠶ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠤᠸᠠᠨ ᠹᠠᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠵᠣᠣ ᠯᠢᠶᠠᠩ᠂ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠵᠧᠤ ᠯᠢ ᠵᠢᠶᠦ᠋ᠨ᠂ ᠡᠯ᠎ᠡ ᠰᠤᠮᠤ ᠰᠢᠶᠠᠩ ᠪᠠᠯᠭᠠᠰᠤ ᠶᠢᠨ ᠭᠤᠤᠯ ᠬᠠᠷᠢᠭᠤᠴᠠᠯᠭᠠᠲᠠᠨ ᠵᠢᠴᠢ ᠳᠠᠷᠬᠠᠨ ᠮᠤᠤᠮᠢᠩᠭᠠᠨ ᠬᠤᠰᠢᠭᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠳᠤᠭᠤᠶᠢᠯᠠᠩ ᠤᠨ ᠬᠡᠰᠡᠭ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠬᠤᠶᠠᠷ ᠱᠠᠲᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠲᠤᠰᠬᠠᠶ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠮᠠᠨ ᠤ ᠬᠤᠰᠢᠭᠤᠨ ᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠠᠶ᠃
      ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠧᠦ ᠯᠢ ᠵᠢᠶᠦ᠋ᠨ ᠲᠤᠬᠠᠢ ᠶᠢᠨ ᠲᠠᠯᠠᠪᠠᠢ ᠳᠤ ᠤᠬᠠᠭᠤᠯᠤᠨ ᠲᠠᠶᠢᠯᠪᠤᠷᠢᠯᠠᠵᠤ᠂ ᠬᠥᠮᠦᠰ ᠢ ᠭᠦᠨ ᠰᠡᠳᠬᠢᠭᠦᠯᠬᠦ ᠬᠡᠷᠡᠭ ᠢᠶᠠᠷ ᠳᠠᠮᠵᠢᠭᠤᠯᠵᠤ᠂ ︽ᠭᠤᠷᠪᠠᠨ ᠲᠣᠭᠲᠠᠭᠠᠯ︾ ᠤᠨ ᠭᠤᠣᠯ ᠠᠭᠤᠯᠭ᠎ᠠ᠂ ᠬᠡᠷᠡᠭᠯᠡᠬᠦ ᠬᠡᠪᠴᠢ᠊ ᠡᠶ᠎ᠡ ᠪᠣᠯᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃      ᠶᠤᠸᠠᠨ  ᠰᠢᠦᠢ ᠵᠢᠭᠠᠵᠤ ᠭᠠᠷᠭᠠᠭᠰᠠᠨ ᠨᠢ᠂ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠳᠡᠭᠡᠳᠦ ᠬᠡᠮᠵᠢ᠊ ᠡᠶ᠎ᠡ ᠪᠠᠷ ᠴᠢᠬᠤᠯᠠᠴᠢᠯᠠᠨ ᠦᠵᠡᠵᠦ᠂ ᠡᠭᠦᠷᠭᠡ ᠪᠠᠨ ᠲᠣᠳᠣᠷᠬᠠᠶᠢᠯᠠᠵᠤ᠂ ᠳᠠᠷᠤᠢ ᠲᠦᠷᠭᠡᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠠᠮᠤᠷ ᠲᠦᠪᠰᠢᠨ ᠢ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︔ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠨᠡᠶᠢᠭᠡᠮ ᠤᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ︔ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠢ ᠡᠭᠦᠳᠦᠨ ᠪᠠᠶᠢᠭᠤᠯᠬᠤ ᠠᠵᠢᠯ ᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠳᠤᠪᠤᠶᠢᠯᠭᠠᠵᠤ᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ︔ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠤᠯᠠᠨ ᠡᠰᠢᠴᠢᠯᠡᠭᠰᠡᠨ ᠭᠤᠣᠯ ᠴᠣᠭᠴᠠ ᠶᠢᠨ ᠠᠮᠤᠷ ᠲᠦᠪᠰᠢᠨ ᠤ ᠪᠠᠶᠢᠭᠤᠯᠤᠯᠲᠠ ᠳᠤ ᠣᠷᠣᠯᠴᠠᠬᠤ ᠶᠢ ᠠᠬᠢᠭᠤᠯᠵᠤ᠂ ᠬᠠᠤᠯᠢ ᠲᠦᠷᠢᠮ ᠤᠨ ᠬᠥᠮᠦᠵᠢᠯ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠳᠤ ᠪᠡᠯᠡᠭ ᠬᠦᠷᠭᠡᠬᠦ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号