ᠮᠠᠨᠳᠤᠯ ᠪᠠᠯᠭᠠᠰᠤ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/6/23
     
     ᠤᠶᠢᠷ᠎ᠠ ᠳᠤ᠂ ᠮᠠᠨᠳᠤᠯ ᠪᠠᠯᠭᠠᠰᠤ ᠲᠤᠮᠳᠠᠳᠦ ᠤᠯᠤᠰ ᠤᠨ ᠡᠪ ᠬᠠᠮᠳᠦ ᠨᠠᠮ  ᠪᠠᠶᠢᠭᠤᠯᠤᠭᠳᠠᠭᠰᠠᠨ100 ᠵᠢᠯ  ᠤᠨ ᠤᠢ ᠶᠢ ᠪᠡᠯᠭᠡᠯᠡᠨ᠂ ᠨᠠᠮ ᠤᠨ ᠭᠡᠷᠡᠯ ᠰᠠᠴᠤᠷᠠᠩᠭᠤᠢ ᠲᠡᠥᠬᠡᠨ ᠶᠠᠪᠤᠴᠠ ᠶᠢ ᠮᠠᠭᠳᠠᠨ ᠲᠠᠭᠤᠯᠠᠵᠦ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ  ᠢ ᠪᠠᠳᠦ ᠴᠤᠭᠴᠠᠯᠠᠵᠦ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠤᠯᠠᠨ ᠲᠦᠮᠡᠨ ᠤ ᠲᠤᠮᠳᠠ ᠭᠦᠨᠵᠡᠭᠡᠶᠢᠷᠡᠭᠦᠯᠬᠦ ᠶᠢᠨ ᠲᠦᠯᠦᠭᠡ᠂ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠦᠷᠨᠢᠭᠦᠯᠵᠦ ᠪᠠᠶᠢᠨ᠎ᠠ᠃
     6 ᠰᠠᠷ᠎ᠠ ᠶᠢᠨ17 ᠤ ᠡᠳᠦᠷ᠂ ᠮᠠᠨᠳᠤᠯ ᠪᠠᠯᠭᠠᠰᠤ ᠪᠦᠬᠦ ᠺᠠᠳ᠋ᠷ ᠠᠵᠢᠯᠳᠠᠨ ᠵᠢᠴᠢ ᠭᠠᠴᠠᠭᠠᠨ ᠤ  ᠮᠠᠯᠴᠢᠨ ᠨᠠᠮ ᠤᠨ ᠬᠡᠰᠢᠭᠦᠳ ᠢᠶᠠᠨ ᠬᠤᠬᠢᠶᠠᠨ ᠪᠠᠶᠢᠭᠤᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠃ ᠪᠠᠶᠢᠩᠭᠤ ᠶᠢᠨ ᠲᠡᠳ᠋ ᠵᠠᠬᠢᠷᠤᠯ ᠶᠠᠩ ᠯᠢ ᠶᠢᠩ ᠢ ᠤᠷᠢᠵᠦ ᠪᠦᠬᠦ ᠺᠠᠳ᠋ᠷ ᠠᠵᠢᠯᠳᠠᠨ ᠵᠢᠴᠢ ᠠᠷᠠᠳ ᠤᠨ ᠲᠦᠯᠦᠭᠡᠯᠡᠭᠴᠢᠳ ᠲᠤ ︽ᠲᠤᠮᠳᠠᠳᠦ ᠶᠢᠨ ᠦᠨᠳᠦᠰᠦᠳᠡᠨ ᠤ ᠬᠠᠮᠳᠦ ᠴᠤᠭᠴᠠ ᠶᠢᠨ ᠤᠬᠠᠮᠰᠠᠷ ᠢ ᠪᠠᠳᠦ ᠴᠤᠭᠴᠠᠯᠠᠬᠤ︾ ᠭᠤᠤᠯ ᠰᠡᠳᠦᠪ ᠢᠶᠠᠷ ᠲᠠᠶᠢᠯᠤᠮᠵᠢ ᠬᠢᠯᠭᠡᠪᠡ᠃ ᠲᠠᠷᠠᠭ᠎ᠠ ᠨᠢ ᠶᠠᠫᠤᠨ ᠢ ᠡᠰᠡᠷᠭᠦᠴᠡᠭᠰᠡᠨ ᠵᠡᠪᠰᠡᠭᠳᠦ ᠪᠤᠰᠤᠯᠭ᠎ᠠ ᠶᠢᠨ ᠲᠤᠷᠠᠰᠬᠠᠯ ᠤᠨ ᠦᠵᠡᠭᠦᠯᠦᠯᠭᠡ ᠶᠢᠨ ᠲᠢᠩᠭᠢᠮ ᠢ ᠲᠤᠭᠤᠷᠢᠨ ᠦᠵᠡᠬᠦ ᠶᠢᠨ ᠬᠠᠮᠳᠦ᠂ ᠬᠤᠪᠢᠰᠬᠠᠯ ᠤᠨ ᠦᠯᠢᠭᠡᠷ ᠠᠴᠠ ᠬᠦᠮᠦᠵᠢᠯ ᠬᠦᠷᠳᠡᠭᠰᠡᠨ ᠪᠠᠶᠢᠨ᠎ᠠ᠃
     ᠮᠠᠨᠳᠤᠯ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠠᠴᠠ ᠨᠠᠮ ᠤᠨ ᠬᠢᠴᠢᠶᠡᠯ ᠤᠷᠤᠵᠦ᠂ ︽ᠨᠠᠮ ᠤᠨ ᠵᠠᠭᠤᠨ ᠵᠢᠯ ᠤᠨ ᠲᠡᠮᠡᠴᠢᠯ ᠤᠨ ᠦᠩᠭᠡᠷᠡᠯᠳᠡ ᠶᠢᠨ ᠲᠡᠥᠬᠡ ᠶᠢ ᠡᠷᠭᠢᠴᠡᠭᠦᠯᠬᠦ︾ ᠭᠤᠤᠯ ᠰᠡᠳᠦᠪ ᠲᠤᠳᠤᠷᠬᠠᠢ᠂ ᠠᠭᠤᠯᠤᠭᠳᠠᠬᠤᠨ ᠭᠦᠨᠵᠡᠭᠡᠢ ᠰᠤᠷᠤᠯᠴᠠᠯᠭ᠎ᠠ ᠬᠦᠮᠦᠵᠢᠯ ᠦᠷᠨᠢᠭᠦᠯᠵᠦ᠂ ᠨᠠᠮ ᠤᠨ ᠲᠡᠥᠬᠡ ᠶᠢᠨ ᠰᠤᠷᠤᠯᠴᠠᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠬᠠᠮᠳᠦ ᠪᠠᠯᠭᠠᠰᠤᠨ ᠤ ᠨᠠᠮ ᠤᠨ ᠬᠤᠷᠢᠶ᠎ᠠ ᠠᠴᠠ ᠪᠠᠰᠠ ᠤᠯᠣᠰ ᠲᠦᠷᠦ ᠶᠢᠨ  ᠤᠬᠠᠮᠰᠠᠷ ᠦᠨᠳᠦᠷ᠂ ᠨᠠᠮ ᠤᠨ ᠬᠡᠰᠢᠭᠦᠨ ᠤ3 ᠰᠢᠯᠢᠳᠡᠭ ᠨᠠᠮ ᠤᠨ ᠠᠵᠢᠯᠳᠠᠨ ᠢ ᠬᠦᠬᠢᠭᠦᠯᠦᠨ ᠰᠠᠶᠢᠰᠢᠶᠠᠵᠦ᠂ ᠡᠯ᠎ᠡ ᠨᠠᠮ ᠤᠨ ᠡᠭᠦᠷ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠢ ᠰᠢᠯᠢᠳᠡᠭ ᠡᠪ ᠬᠠᠮᠳᠦ ᠨᠠᠮ ᠤᠨ ᠬᠡᠰᠢᠭᠦᠨ ᠪᠤᠯᠤᠨ ᠰᠢᠯᠢᠳᠡᠭ ᠨᠠᠮ ᠤᠨ ᠠᠵᠢᠯᠳᠠᠨ ᠢᠶᠠᠷ ᠲᠠᠭᠤᠷᠢᠶᠠᠯ ᠪᠤᠯᠭᠠᠵᠦ᠂ ︽ᠲᠦᠷᠪᠡᠨ ᠤᠬᠠᠮᠰᠠᠷ  ︾ ᠢᠶᠠᠨ ᠴᠢᠨᠠᠭᠰᠢᠳᠠ ᠴᠢᠩᠭᠠᠳᠬᠠᠵᠦ ︽ᠲᠦᠷᠪᠡᠨ ᠢᠳᠡᠭᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠮᠠᠨᠳᠤᠯ ᠪᠠᠯᠭᠠᠰᠤᠨ ᠤ ᠠᠵᠦ ᠠᠬᠤᠢ ᠨᠠᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠤᠷᠢᠶᠠᠯᠠᠪᠠ︕
     ᠮᠠᠨᠳᠤᠯ ᠪᠠᠯᠭᠠᠰᠤᠨ ᠤ ᠤᠳᠤᠷᠢᠳᠬᠤ ᠪᠠᠭ ᠤᠨ ᠬᠢᠨ ᠪᠠᠰᠠ8 ᠲᠡᠷᠢᠭᠦᠨ ᠤ ᠠᠵᠢᠯᠳᠠᠨ᠂ ᠪᠠᠶᠠᠵᠢᠯ ᠤᠨ ᠲᠠᠭᠠᠭᠤᠯᠤᠭᠴᠢ ᠵᠢᠴᠢ ᠶᠠᠳᠠᠭᠤ ᠬᠦᠴᠢᠷᠳᠡᠯᠳᠡᠢ ᠠᠬᠠᠮᠠᠳ ᠨᠠᠮ ᠤᠨ ᠬᠡᠰᠢᠭᠦᠨ ᠢ ᠪᠤᠯᠭᠤᠭᠠᠨ ᠲᠤᠬᠤᠨᠢᠭᠤᠯᠵᠦ᠂ ᠲᠡᠳᠡᠨ ᠢ ᠮᠠᠨᠳᠤᠯ ᠪᠠᠯᠭᠠᠰᠤᠨ ᠤ ᠨᠠᠮ ᠤᠨ ᠦᠢᠯᠡᠰ ᠪᠠ ᠠᠵᠦ ᠠᠬᠤᠢ ᠨᠡᠶᠢᠭᠡᠮ ᠤᠨ ᠬᠦᠭᠵᠢᠯᠳᠡ ᠳᠤ ᠬᠤᠪᠢ ᠨᠡᠮᠡᠷᠢ ᠪᠠᠨ ᠡᠷᠭᠦᠭᠦ ᠶᠢ ᠵᠤᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号