ᠮᠠᠨᠳᠤᠯ ᠪᠠᠯᠭᠠᠰᠤ ᠤᠷᠴᠢᠨ ᠲᠤᠭᠤᠷᠢᠨ ᠤ ᠵᠠᠰᠠᠭ ᠴᠡᠭᠴᠡᠯᠡᠯᠳᠡ ᠪᠠᠨ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2021/6/23
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠤᠤ ᠯᠢᠶᠠᠩ ᠨᠦᠬᠦᠷ ᠤᠨ ᠮᠠᠨᠳᠤᠯ ᠪᠤᠭᠤᠮᠳᠠ ᠳᠤ ᠪᠠᠶᠢᠴᠠᠭᠠᠨ ᠰᠤᠳᠤᠯᠤᠯᠳᠠ ᠬᠢᠭᠰᠡᠨ ᠪᠤᠳᠠᠳᠠᠢ ᠱᠠᠭᠠᠷᠳᠠᠯᠭ᠎ᠠ ᠳᠤ ᠴᠢᠭᠯᠡᠭᠦᠯᠦᠨ᠂ ᠮᠠᠨᠳᠤᠯ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠲᠤᠪᠴᠢᠶ᠎ᠠ ︽ᠪᠦᠬᠦ ᠲᠠᠯ᠎ᠠ  ᠶᠢ ᠪᠠᠶᠢᠴᠠᠭᠠᠬᠤ᠂ ᠨᠠᠷᠢᠨ ᠪᠠᠶᠢᠴᠠᠭᠠᠬᠤ᠂ ᠪᠤᠳᠠᠳᠠᠢ  ᠪᠠᠶᠢᠴᠠᠭᠠᠬᠤ︾ ᠵᠠᠷᠴᠢᠮ ᠢ ᠪᠠᠷᠢᠮᠳᠠᠯᠠᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠤᠯᠤᠨ ᠠᠵᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠲᠠᠢ ᠤᠶᠠᠯᠳᠤᠭᠤᠯᠤᠨ᠂ ᠪᠦᠬᠦ ᠪᠠᠯᠭᠠᠰᠤᠨ ᠤ ᠲᠤᠭᠤᠷᠢᠭ ᠲᠠᠬᠢG331 ᠂G210 ᠤᠯᠤᠰ ᠤᠨ ᠵᠠᠮ ᠲᠠᠭᠠᠥ ᠪᠤᠢ ᠪᠦᠬᠦᠢ ᠬᠤᠳᠠᠯᠳᠤᠭ᠎ᠠ ᠲᠡᠯᠭᠡᠭᠦᠷ᠂ ᠬᠤᠭᠤᠯᠠᠨ ᠭᠡᠷ ᠪᠠ ᠰᠠᠭᠤᠭᠠᠯᠢ ᠡᠷᠦᠬᠡ ᠶᠢᠨ ᠪᠠᠷᠠᠭ᠎ᠠ ᠪᠠᠨ ᠲᠤᠷ᠎ᠠ ᠪᠠᠷ ᠪᠠᠨ ᠤᠪᠤᠭᠠᠯᠠᠵᠦ᠂ ᠡᠮᠬᠢ ᠲᠢᠭᠯᠢᠮ ᠦᠢᠭᠡᠢ᠂ ᠲᠡᠯᠭᠡᠭᠦᠷ ᠤᠨ ᠭᠠᠳᠠᠨ᠎ᠠ ᠡᠵᠡᠩᠨᠡᠬᠦ᠂ ᠲᠡᠷᠭᠡ ᠬᠦᠰᠭᠡ ᠪᠠᠨ ᠲᠤᠭᠳᠠᠭᠠᠯ ᠠᠴᠠ ᠵᠤᠷᠢᠴᠠᠨ ᠵᠤᠭᠰᠤᠭᠠᠬᠤ ᠵᠡᠷᠭᠡ  ᠪᠠᠯᠭᠠᠰᠤᠨ ᠤ ᠲᠦᠷᠢ ᠲᠦᠷᠬᠦ  ᠶᠢ ᠨᠦᠯᠦᠭᠡᠯᠡᠬᠦ ᠡᠯ᠎ᠡ ᠲᠦᠷᠦᠯ ᠤᠨ ᠠᠵᠢᠯᠯᠠᠭ᠎ᠠ ᠪᠠ ᠬᠤᠭᠤᠯᠠᠨ ᠭᠡᠷ᠂ ᠬᠤᠳᠠᠯᠳᠤᠭ᠎ᠠ ᠲᠡᠯᠭᠡᠭᠦᠷ ᠤᠨ ᠠᠮᠤᠷ ᠲᠦᠪᠰᠢᠨ ᠤ ᠲᠠᠯᠳᠠ ᠭᠡᠮ ᠢ ᠭᠤᠤᠯᠳᠠᠯᠭ᠎ᠠ ᠲᠠᠢ ᠪᠠᠶᠢᠴᠠᠭᠠᠵᠦ᠂ ᠨᠡᠶᠢᠳᠡ15 ︽ᠱᠠᠯᠠᠪᠳᠠᠨ ᠴᠡᠭᠴᠡᠯᠡᠵᠦ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠭᠠᠷᠭᠠᠭᠰᠠᠨ ᠪᠦᠭᠡᠳ ᠬᠤᠳᠠᠯᠳᠤᠭ᠎ᠠ ᠲᠡᠯᠭᠡᠭᠦᠷ ᠢ ᠭᠤᠷᠪᠠᠨ ᠠᠵᠢᠯᠯᠠᠬᠤ ᠡᠳᠦᠷ ᠤᠨ ᠲᠤᠳᠤᠷ᠎ᠠ ᠴᠡᠭᠴᠡᠯᠡᠨ ᠵᠠᠰᠠᠵᠦ᠂ ᠣᠣᠯ ᠤᠨ ᠪᠠᠶᠢᠳᠠᠯ ᠢ ᠰᠡᠷᠭᠦᠭᠡᠬᠦ ᠶᠢ ᠱᠠᠭᠠᠷᠳᠠᠪᠠ᠃      ᠬᠠᠥᠯᠢ ᠬᠡᠷᠡᠭᠵᠢᠭᠦᠯᠦᠭᠴᠢ ᠠᠴᠠ ᠪᠠᠯᠭᠠᠰᠤᠨ ᠤ ᠲᠦᠷᠢ ᠲᠦᠷᠬᠦ ᠶᠢᠨ ᠤᠷᠴᠢᠨ ᠲᠤᠭᠤᠷᠢᠨ ᠤ ᠬᠠᠮᠢᠶᠠᠷᠤᠯᠳᠠ  ᠶᠢᠨ ᠠᠵᠢᠯ ᠢ ᠪᠦᠬᠦ ᠲᠠᠯ᠎ᠠ ᠪᠠᠷ ᠭᠦᠨᠵᠡᠭᠡᠢ ᠤᠬᠠᠭᠤᠯᠵᠦ᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠪᠤᠳᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠤᠬᠠᠮᠰᠠᠷ ᠢ ᠨᠢ ᠲᠡᠭᠡᠭᠰᠢᠯᠡᠭᠦᠯᠵᠦ᠂ ᠬᠤᠳᠠ ᠶᠢᠨ ᠬᠠᠮᠢᠶᠠᠷᠤᠯᠳᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠬᠤ ᠶᠢ ᠤᠯᠠᠮ ᠨᠢᠭᠡ ᠠᠯᠬᠤᠮ ᠪᠦᠳᠦᠮᠵᠢᠳᠡᠢ ᠵᠢᠯᠤᠭᠤᠳᠴᠦ᠂ ᠪᠠᠯᠭᠠᠰᠤᠨ ᠤ ᠲᠦᠷᠢ ᠲᠦᠷᠬᠦ ᠶᠢᠨ ᠬᠠᠮᠢᠶᠠᠷᠤᠯᠳᠠ ᠳᠤ ᠬᠦᠮᠦᠨ ᠪᠦᠬᠦᠨ ᠬᠠᠷᠢᠭᠤᠴᠠᠯᠭ᠎ᠠ   ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃      ᠬᠡᠳᠦᠨ ᠡᠳᠦᠷ ᠤᠨ ᠲᠤᠰᠬᠠᠢ ᠴᠡᠭᠴᠡᠯᠡᠯᠳᠡ ᠪᠠᠷ ᠲᠠᠮᠵᠢᠨ᠂ ᠮᠠᠨᠳᠤᠯ ᠪᠠᠯᠭᠠᠰᠦ600 ᠲᠤᠨ ᠪᠠᠷᠢᠯᠭ᠎ᠠ ᠶᠢᠨ ᠬᠤᠭ ᠨᠤᠪᠰᠢ ᠶᠢ ᠴᠡᠪᠡᠷᠯᠡᠵᠦ᠂G210᠂G331 ᠵᠠᠮ ᠤᠨ ᠬᠤᠶᠠᠷ ᠬᠠᠵᠠᠭᠤ ᠶᠢᠨ ᠬᠤᠳᠤᠭᠤᠷ   ᠢ ᠲᠡᠭᠡᠭᠰᠢᠯᠡᠵᠦ᠂ ᠪᠠᠯᠭᠠᠰᠤᠨ ᠤ ᠤᠷᠴᠢᠨ ᠲᠤᠭᠤᠷᠢᠨ ᠤ ᠲᠦᠷᠢ ᠲᠦᠷᠬᠦ ᠶᠢ ᠢᠯᠡᠳᠳᠡ ᠰᠠᠶᠢᠵᠢᠷᠠᠭᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号